| | 1 ᠰᠠᠷ᠎ᠠ ᠶᠢᠨ 27 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ | ᠲᠠᠪᠤᠳᠤᠭᠠᠷ ᠬᠤᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨᠳᠤ ᠣᠷᠣᠯᠴᠠᠬᠰᠠᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠬᠤᠰᠢᠭᠤᠨ ᠠᠷᠠᠳ ᠤᠨ ᠰᠢᠭᠦᠬᠦ ᠬᠤᠷᠢᠶ᠎ᠠ ᠪᠠ ᠠᠷᠠᠳᠤᠨ ᠪᠠᠶᠢᠴᠠᠭᠠᠬᠤ ᠬᠤᠷᠢᠶ᠎ᠠ ᠶᠢᠨ ᠠᠵᠢᠯ | ᠤᠨ ᠮᠡᠳᠡᠭᠦᠯᠦᠯᠲᠡ ᠶᠢ ᠳᠤᠭᠤᠶᠢᠢᠯᠠᠩ ᠬᠤᠪᠢᠶᠠᠵᠤ ᠶᠠᠷᠢᠯᠴᠠᠪᠠ᠃ | | | | | | | | ᠶᠠᠷᠢᠯᠴᠠᠬᠤ ᠬᠤᠷᠠᠯ ᠤᠨ ᠲᠤᠬᠠᠢ ᠶᠢᠨ ᠲᠠᠯᠠᠪᠠᠢ ᠳᠤ ᠡᠯ᠎ᠡ ᠡᠲᠡᠭᠡᠳ ᠤᠨ ᠬᠠᠷᠢᠶᠠᠯᠠᠯ ᠤᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠠᠵᠢᠯ ᠤᠨ ᠳᠤᠮᠳᠠᠬᠢ ᠦᠵᠡᠵᠦ ᠬᠠᠷᠠᠭᠰᠠᠨ ᠪᠠ ᠠᠷᠠᠳ ᠣᠯᠠᠨ ᠠᠩᠬᠠᠷᠴᠤ ᠪᠠᠶᠢᠭ᠎ᠠ ᠬᠠᠯᠠᠮᠰᠢᠯ | ᠠᠰᠠᠭᠤᠳᠠᠯ ᠲᠠᠢ ᠤᠶᠠᠯᠳᠤᠭᠤᠯᠤᠨ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠬᠤᠶᠠᠷ | ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠭᠦᠢᠴᠡᠳ ᠨᠤᠲᠠᠯᠠᠬᠤ ᠶᠢᠨ ᠬᠠᠮᠲᠤ ᠬᠤᠶᠠᠷ ᠬᠤᠷᠢᠶᠠᠨ ᠤ ᠠᠵᠢᠯ ᠤᠨ | ᠮᠡᠳᠡᠭᠦᠯᠦᠯᠲᠡ ᠶᠢᠨ ᠭᠤᠣᠯ ᠰᠡᠳᠦᠪ ᠢᠯᠠ ᠲᠣᠳᠣ᠂ ᠭᠤᠣᠯᠳᠠᠯᠭ᠎ᠠ ᠳᠣᠪᠤᠶᠢᠮ᠎ᠠ ᠪᠠᠶᠢᠵᠤ᠂ ᠶᠡᠭᠡ ᠬᠡᠮᠵᠢᠶᠡᠨ ᠤ ᠲᠤᠭ᠎ᠠ | ᠪᠠᠷᠢᠮᠲᠠ ᠪᠠ ᠨᠡᠶᠢᠳᠡᠯᠢᠭ ᠬᠡᠷᠡᠭ ᠤᠨ ᠵᠢᠱᠢᠶ᠎ᠡ ᠪᠠᠷ ᠭᠦᠨ ᠵᠤᠵᠠᠭᠠᠨ ᠬᠠᠤᠯᠢᠵᠢᠯ ᠤᠨ ᠵᠣᠷᠢᠭ ᠰᠠᠨᠠᠭ᠎ᠠ ᠪᠠ ᠠᠷᠠᠳ ᠤᠨ | ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠢᠯᠡᠷᠡᠭᠦᠯᠦᠨ᠂ ᠠᠮᠵᠢᠯᠲᠠ ᠪᠦᠲᠦᠮᠵᠢ ᠪᠠᠨ ᠳ᠋ᠦᠩᠨᠡᠬᠦ ᠳᠡᠭᠡᠨ ᠦᠨᠡᠨ ᠠᠴᠠ ᠵᠥᠪ | ᠢ ᠡᠷᠢᠵᠦ᠂ ᠰᠢᠨ᠎ᠡ ᠨᠢᠭᠡ ᠵᠢᠯ ᠤᠨ ᠠᠵᠢᠯ ᠤᠨ ᠲᠣᠬᠢᠷᠠᠭᠤᠯᠤᠯᠲᠠ ᠨᠢ ᠬᠠᠷᠠᠯᠲᠠ ᠲᠣᠳᠣᠷᠬᠠᠢ᠂ ᠭᠤᠣᠯᠳᠠᠯᠭ᠎ᠠ ᠳᠣᠪᠤᠶᠢᠮ᠎ᠠ | ᠭᠡᠵᠦ ᠰᠠᠨᠠᠯ ᠨᠢᠭᠡᠲᠡᠢ ᠦᠵᠡᠪᠡ᠃ | | | | | | | | | | | ᠭᠡᠰᠢᠭᠦᠳ ᠠᠴᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠬᠤᠶᠠᠷ ᠬᠤᠷᠢᠶ᠎ᠠ ᠨᠢ ᠬᠠᠤᠯᠢ ᠴᠠᠭᠠᠵᠠ ᠶᠢᠨ | ᠬᠢᠨᠠᠯᠲᠡ ᠲᠠᠯᠪᠢᠬᠤ ᠪᠠ ᠡᠩᠨᠡᠭᠡᠨ ᠤ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠦᠨᠳᠦᠰᠦᠨ ᠬᠠᠤᠯᠢ ᠪᠠ | ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠨ᠂ ᠪᠦᠬᠦ ᠬᠤᠰᠢᠭᠤᠨ ᠤ | ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠬᠠᠤᠯᠢ ᠴᠠᠭᠠᠵᠠ ᠶᠢᠨ ᠦᠢᠯᠡᠴᠢᠯᠡᠭᠡ ᠪᠠ ᠪᠠᠳᠤᠯᠠᠭ᠎ᠠ ᠬᠠᠩᠭᠠᠬᠤ | ᠶᠢ ᠬᠦᠰᠡᠵᠦ ᠪᠠᠶᠢᠨ᠎ᠠ ᠭᠡᠪᠡ᠃ ︵ᠬᠠᠮ ᠵᠠᠭᠤᠴᠢᠯᠠᠭᠤᠷ ᠤᠨ ᠪᠥᠬᠦ ᠰᠣᠷᠪᠤᠯᠵᠢᠯᠠᠭᠴᠢᠳ︶ | | |