| | | | | 1 ᠰᠠᠷ᠎ᠠ ᠶᠢᠨ 27 ᠤ ᠦᠳᠡᠶᠢᠨ ᠡᠮᠦᠨ᠎ᠡ᠂ ᠬᠤᠰᠢᠭᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯᠳᠤᠭᠠᠨ ᠳᠤ ᠣᠷᠣᠯᠴᠠᠬᠰᠠᠨ ᠲᠥᠯᠥᠭᠡᠯᠡᠭᠴᠢᠳ | ᠦᠷᠭᠦᠯᠵᠢᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ | ᠮᠡᠳᠡᠭᠦᠯᠦᠯᠲᠡ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠬᠤᠶᠠᠷ ᠬᠤᠷᠢᠶᠠᠨ ᠤ ᠠᠵᠢᠯ ᠤᠨ ᠮᠡᠳᠡᠭᠦᠯᠦᠯᠲᠡ ᠶᠢ | ᠳᠤᠭᠤᠶᠢᠯᠠᠩ ᠬᠤᠪᠢᠶᠠᠵᠤ ᠬᠢᠨᠠᠨ ᠵᠥᠪᠯᠡᠪᠡ᠃ | | | | | | | | ᠳᠤᠭᠤᠶᠢᠯᠠᠩ ᠬᠤᠪᠢᠶᠠᠵᠤ ᠬᠢᠨᠠᠨ ᠵᠥᠪᠯᠡᠬᠦ ᠬᠤᠷᠠᠯ ᠳᠤ᠂ ᠲᠥᠯᠥᠭᠡᠯᠡᠭᠴᠢᠳ ᠣᠷᠭᠢᠯᠤᠮ᠎ᠠ ᠬᠠᠯᠠᠭᠤᠨ | ᠰᠡᠳᠬᠢᠯᠭᠡ᠂ ᠳᠡᠭᠡᠲᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠪᠣᠳᠣᠭᠰᠠᠨ ᠰᠠᠨᠠᠭᠰᠠᠨ ᠢᠶᠠᠨ ᠴᠢᠯᠦᠭᠡᠲᠡᠢ ᠶᠠᠷᠢᠵᠤ᠂ | ᠥᠪᠡᠷ ᠥᠪᠡᠷ ᠤᠨ ᠦᠵᠡᠯᠲᠡ ᠪᠠᠨ ᠢᠯᠡᠳᠬᠡᠪᠡ᠃ ᠲᠥᠯᠥᠭᠡᠯᠡᠭᠴᠢᠳ ᠠᠴᠠ᠂ ᠬᠤᠰᠢᠭᠤᠨ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠣᠭᠤᠰᠢᠯᠠᠭᠤᠯᠵᠤ᠂ ᠨᠠᠮ | ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ ᠪᠥᠬᠦ ᠶᠠᠪᠤᠴᠠ | ᠳᠤ ᠲᠣᠭᠤᠰᠢᠯᠠᠭᠤᠯᠬᠤ ᠶᠢ ᠪᠠᠷᠢᠮᠳᠠᠯᠠᠵᠤ᠂ ᠭᠤᠣᠯ ᠰᠡᠳᠦᠪ ᠲᠣᠳᠣ᠂ ᠯᠣᠭᠢᠭ ᠲᠣᠳᠣᠷᠬᠠᠢ ᠪᠠᠶᠢᠵᠤ᠂ ᠠᠮᠵᠢᠯᠲᠠ ᠪᠦᠲᠦᠮᠵᠢ | ᠪᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠪᠣᠰᠣᠳᠴᠢ ᠪᠥᠭᠡᠳ ᠪᠦᠬᠦ ᠲᠠᠯ᠎ᠠ ᠶᠢᠨ ᠪᠠᠶᠢᠵᠤ᠂ ᠠᠵᠢᠯ ᠤᠨ | ᠬᠠᠷᠠᠯᠲᠠ ᠲᠣᠳᠣᠷᠬᠠᠢ᠂ ᠠᠷᠭ᠎ᠠ ᠬᠡᠮᠵᠢᠶ᠎ᠡ ᠬᠦᠴᠦᠲᠡᠢ ᠮᠥᠷᠲᠡᠭᠡᠨ ᠤᠯᠤᠰ ᠲᠥᠷᠥ ᠶᠢ ᠡᠷᠬᠢᠮᠯᠡᠭᠰᠡᠨ᠂ ᠶᠡᠭᠡ ᠲᠠᠯ᠎ᠠ ᠶᠢ | ᠬᠠᠷᠠᠭᠠᠯᠵᠠᠭᠰᠠᠨ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠭᠰᠡᠨ ᠰᠠᠶᠢᠨ | ᠮᠡᠳᠡᠭᠦᠯᠦᠯᠲᠡ ᠪᠣᠯᠪᠠ᠃ | | | | | | | | ᠬᠤᠰᠢᠭᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠠᠭᠤᠯᠭ᠎ᠠ ᠨᠢ ᠪᠥᠬᠦ | ᠲᠠᠯ᠎ᠠ ᠶᠢ ᠬᠠᠮᠤᠷᠠᠭᠰᠠᠨ᠂ ᠲᠤᠭ᠎ᠠ ᠪᠠᠷᠢᠮᠲᠠ ᠨᠢ ᠨᠠᠷᠢᠨ ᠪᠤᠳᠠᠲᠠᠢ᠂ ᠬᠡᠷᠡᠭ ᠤᠨ ᠵᠢᠱᠢᠶ᠎ᠡ ᠨᠢ ᠡᠯᠪᠡᠭ ᠣᠯᠠᠨ ᠪᠠᠶᠢᠵᠤ᠂ | ᠰᠠᠶᠢᠨ ᠬᠠᠤᠯᠢ ᠰᠠᠶᠢᠨ ᠵᠠᠰᠠᠯᠲᠠ ᠶᠢᠨ ᠴᠠᠭ ᠦᠶ᠎ᠡ ᠶᠢᠨ ᠠᠭᠤᠯᠤᠭᠳᠠᠬᠤᠨ ᠢ ᠬᠦᠴᠦᠲᠡᠢ ᠢᠯᠡᠳᠬᠡᠵᠦ᠂ ᠨᠠᠷᠢᠯᠢᠭ | ᠣᠨᠣᠪᠴᠢᠲᠠᠢ ᠪᠠᠷ ᠶᠡᠭᠡ ᠲᠠᠯ᠎ᠠ ᠳᠤ ᠦᠢᠯᠡᠴᠢᠯᠡᠵᠦ᠂ ᠠᠵᠢᠯ ᠤᠨ ᠠᠷᠭ᠎ᠠ ᠬᠡᠮᠵᠢᠶ᠎ᠡ ᠨᠢ ᠪᠤᠳᠠᠲᠠᠢ ᠶᠢ ᠡᠷᠬᠢᠮᠯᠡᠨ᠂ ᠠᠵᠢᠯ | ᠤᠨ ᠦᠷ᠎ᠡ ᠪᠦᠲᠦᠮᠵᠢ ᠨᠢ ᠳᠣᠪᠤᠶᠢᠮ᠎ᠠ ᠪᠠᠶᠢᠵᠤ᠂ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠦᠷ᠎ᠡ ᠪᠦᠲᠦᠮᠵᠢ ᠨᠢ | ᠢᠯᠡᠷᠬᠡᠢ᠂ ᠰᠢᠨ᠎ᠡ ᠴᠠᠭ ᠦᠶ᠎ᠡ ᠶᠢᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠠᠵᠢᠯ ᠤᠨ ᠰᠢᠨ᠎ᠡ ᠵᠢᠳᠬᠦᠯ | ᠴᠢᠷᠮᠠᠶᠢᠯᠭ᠎ᠠ ᠪᠠ ᠰᠢᠨ᠎ᠡ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠡᠢ ᠭᠡᠵᠦ ᠰᠠᠨᠠᠯ ᠨᠢᠭᠡᠲᠡᠢ ᠦᠵᠡᠪᠡ᠃ ᠲᠣᠰ ᠭᠤᠷᠪᠠᠨ | ᠮᠡᠳᠡᠭᠦᠯᠦᠯᠲᠡ ᠶᠢ ᠪᠦᠷᠢᠨ ᠵᠥᠪᠰᠢᠶᠡᠷᠡᠨ᠎ᠡ ᠭᠡᠵᠦ ᠣᠯᠠᠨ ᠢᠶᠠᠷ ᠢᠶᠠᠨ ᠰᠠᠨᠠᠯ ᠨᠢᠭᠡᠲᠡᠢ ᠢᠯᠡᠷᠬᠡᠶᠢᠯᠡᠪᠡ᠃ | | | | | | | | ᠬᠢᠨᠠᠨ ᠵᠥᠪᠯᠡᠬᠦ ᠳᠤᠮᠳᠠ᠂ ᠲᠥᠯᠥᠭᠡᠯᠡᠭᠴᠢᠳ ᠪᠣᠳᠣᠯ ᠲᠥᠷᠥᠭᠳᠡᠯ ᠢᠶᠠᠨ ᠴᠢᠯᠦᠭᠡᠲᠡᠢ ᠶᠠᠷᠢᠯᠴᠠᠵᠤ᠂ ᠰᠠᠶᠢᠨ | ᠠᠷᠭ᠎ᠠ ᠪᠣᠳᠣᠯᠭ᠎ᠠ ᠶᠢ ᠬᠠᠮᠲᠤ ᠪᠠᠷ ᠰᠦᠪᠡᠭᠴᠢᠯᠡᠪᠡ᠃ ᠲᠡᠳᠡ ᠦᠨᠳᠦᠰᠦᠨ ᠱᠠᠲᠤᠨ ᠤ ᠨᠡᠶᠢᠬᠡᠮ ᠤᠨ ᠵᠠᠰᠠᠯᠲᠠ᠂ ᠬᠥᠳᠡᠭᠡ | ᠲᠣᠰᠬᠤᠨ ᠮᠠᠯᠵᠢᠬᠤ ᠣᠷᠣᠨ ᠤ ᠡᠮᠡᠭᠲᠡᠶᠢᠴᠦᠳ ᠬᠡᠦᠬᠡᠳ ᠤᠨ ᠲᠤᠬᠠᠢ ᠨᠡᠶᠢᠬᠡᠮ ᠤᠨ ᠠᠩᠬᠠᠷᠤᠯ ᠬᠠᠯᠠᠮᠵᠢᠯᠠᠯ ᠢ | ᠴᠢᠩᠭᠠᠳᠠᠬᠤ᠂ ᠬᠠᠤᠯᠢᠵᠢᠯ ᠤᠨ ᠤᠬᠠᠭᠤᠯᠭ᠎ᠠ ᠬᠥᠮᠥᠵᠢᠯ ᠢ ᠴᠢᠩᠭᠠᠳᠠᠬᠤ᠂ ᠵᠥᠷᠢᠴᠡᠯ ᠵᠢᠭᠤᠷᠠᠯᠳᠤᠭᠠᠨ ᠢ ᠣᠯᠠᠨ | ᠡᠰᠢᠵᠢᠭᠦᠯᠦᠨ ᠰᠢᠢᠳᠪᠦᠷᠢᠯᠡᠬᠦ ᠬᠠᠤᠯᠢᠵᠢᠭᠤᠯᠬᠤ ᠶᠢ ᠠᠬᠢᠢᠭᠤᠯᠬᠤ ᠵᠡᠷᠭᠡ ᠲᠠᠯ᠎ᠠ ᠶᠢᠨ ᠲᠣᠭᠤᠷᠢᠨᠳᠤ ᠰᠠᠨᠠᠭᠤᠯᠭ᠎ᠠ ᠰᠠᠨᠠᠯ | ᠳᠤᠷᠠᠳᠪᠠ᠃ ︵ᠬᠠᠮ ᠵᠠᠭᠤᠴᠢᠯᠠᠭᠤᠷ ᠤᠨ ᠪᠥᠬᠦ ᠰᠣᠷᠪᠤᠯᠵᠢᠯᠠᠭᠴᠢᠳ︶ | | |