| | 1 ᠰᠠᠷ᠎ᠠ ᠶᠢᠨ 27 ᠤ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠢᠪᠯᠡᠯᠭᠡᠨ ᠤ ᠠᠷᠤ ᠬᠤᠷᠴᠢᠨ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠡᠯ᠎ᠡ ᠵᠥᠪᠯᠡᠬᠦ ᠵᠦᠢᠯ | ᠢᠶᠠᠨ ᠵᠥᠪᠯᠡᠵᠦ ᠳᠠᠭᠤᠰᠬᠠᠭᠠᠳ᠂ ᠬᠤᠰᠢᠭᠤᠨ ᠬᠤᠷᠠᠯ ᠦᠵᠡᠭᠦᠯᠭᠡ ᠶᠢᠨ ᠲᠥᠪ ᠲᠤ ᠠᠮᠵᠢᠯᠲᠠᠲᠠᠢ ᠬᠤᠷᠠᠯᠳᠤᠵᠤ | ᠲᠡᠭᠦᠰᠪᠡ᠃ | | | | | ᠸᠧᠢ ᠪᠢᠯᠢᠭ᠂ ᠰᠡᠷᠭᠦᠯᠡᠩ᠂ ᠸᠠᠩ ᠶᠢᠨ ᠪᠤᠦ᠂ ᠴᠧᠨ ᠢᠦᠢ ᠮᠢᠩ᠂ ᠢᠦᠢ ᠸᠧᠢ ᠬᠤᠸᠠ᠂ ᠣᠳᠬᠤᠨᠪᠠᠶᠠᠷ᠂ | ᠰᠦᠩ ᠸᠧᠢ ᠳ᠋ᠠ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠦᠷ ᠲᠤ ᠰᠠᠭᠤᠯᠴᠠᠪᠠ᠃ ᠴᠧᠨ ᠬᠤ᠋ ᠨᠠᠨ᠂ ᠵᠠᠩ ᠬᠤᠩ | ᠰᠢᠨ᠂ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ | ᠵᠠᠰᠠᠭ ᠤᠨ ᠣᠷᠳᠣᠨ ᠤ ᠤᠳᠤᠷᠢᠳᠬᠤ ᠨᠥᠬᠦᠳ᠂ ᠬᠤᠰᠢᠭᠤᠨ ᠠᠷᠠᠳ ᠤᠨ ᠰᠢᠬᠦᠬᠦ ᠬᠤᠷᠢᠶᠠᠨ ᠤ ᠳᠠᠷᠤᠭ᠎ᠠ᠂ ᠬᠤᠰᠢᠭᠤᠨ | ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ᠂ ᠬᠤᠰᠢᠭᠤᠨ ᠠᠷᠠᠳ ᠤᠨ ᠵᠡᠪᠰᠡᠭᠲᠦ ᠬᠦᠴᠦᠨ ᠤ ᠬᠡᠯᠳᠡᠰ ᠤᠨ | ᠬᠦ᠋ᠮᠢᠰᠰᠡᠷ᠂ ᠤᠯᠠᠭᠠᠨ᠋ᠠᠲᠠ ᠶᠢᠨ ᠤᠮᠠᠷᠠᠲᠤ ᠶᠢᠨ ᠦᠨᠳᠦᠰᠦᠲᠡᠨ ᠤ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ | ᠵᠠᠬᠢᠷᠤᠯ᠂ ᠤᠯᠠᠭᠠᠬᠠᠲᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠳᠤ ᠰᠠᠭᠤᠭ᠎ᠠ | ᠭᠡᠰᠢᠭᠦᠨ᠂ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠠᠩᠭᠢ᠂ ᠵᠡᠪᠰᠡᠭᠲᠦ ᠴᠠᠭᠳᠠᠭ᠎ᠠ᠂ ᠣᠢ ᠰᠢᠭᠤᠢ ᠶᠢᠨ ᠭᠠᠯ ᠢ | ᠰᠡᠷᠭᠡᠶᠢᠯᠡᠬᠦ ᠭᠠᠯ ᠤᠨᠲᠠᠷᠠᠭᠠᠬᠤ ᠠᠩᠭᠢ ᠶᠢᠨ ᠠᠷᠤ ᠬᠤᠷᠴᠢᠨ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ | ᠬᠠᠷᠢᠭᠤᠴᠠᠯᠭᠠᠲᠠᠨ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ | ᠣᠷᠣᠯᠴᠠᠪᠠ᠃ | ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠳᠤ ᠣᠷᠤᠯᠴᠠᠬᠤ ᠶᠣᠰᠣᠲᠠᠢ ᠭᠡᠰᠢᠭᠦᠨ 185 ᠬᠥᠮᠥᠨ ᠪᠠᠶᠢᠵᠤ᠂ 150 | ᠬᠥᠮᠥᠨ ᠬᠤᠷᠠᠯ ᠳᠤ ᠣᠷᠣᠯᠴᠠᠵᠤ ᠂ ︽ᠤᠯᠤᠰ ᠲᠥᠷᠥ ᠶᠢᠨ ᠵᠥᠪᠯᠡᠯᠭᠡᠨ ᠤ ᠲᠦᠷᠢᠮ︾ ᠤᠨ ᠲᠣᠭᠲᠠᠭᠠᠯ ᠳᠤ | ᠨᠡᠶᠢᠴᠡᠪᠡ᠃ | ᠬᠤᠷᠠᠯ ᠠᠴᠠ ︽ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭ᠋ᠷ | ᠬᠤᠭᠤᠴᠠᠭᠠᠨ ᠤ ᠬᠤᠷᠢᠶ᠎ᠠ ᠶᠢᠨ ᠭᠤᠷᠪᠠᠳᠤᠭ᠋ᠷ ᠬᠤᠷᠠᠯᠳᠤᠭᠠᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ | ᠲᠤᠬᠠᠢ ᠰᠢᠢᠳᠪᠦᠷᠢ︾᠂ ︽ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ | ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ | ᠰᠢᠢᠳᠪᠦᠷᠢ︾᠂ ︽ᠤᠯᠤᠰ ᠲᠥᠷᠥ ᠶᠢᠨ ᠵᠥᠪᠯᠡᠯᠬᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ︾ ᠶᠢ ᠬᠢᠨᠠᠨ ᠵᠥᠪᠯᠡᠵᠦ | ᠪᠠᠲᠤᠯᠠᠪᠠ᠃ | | | | | ᠰᠢᠨ᠎ᠡ ᠪᠠᠷ ᠰᠣᠩᠭᠤᠭᠳᠠᠭᠰᠠᠨ ᠤᠯᠤᠰ ᠲᠥᠷᠥ ᠶᠢᠨ ᠵᠥᠪᠯᠡᠯᠬᠡᠨ ᠤ ᠠᠷᠤ ᠬᠤᠷᠴᠢᠨ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ ᠰᠡᠷᠭᠦᠯᠡᠩ ᠬᠤᠷᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ᠂ | ᠬᠤᠷᠠᠯ ᠤᠨ ᠬᠤᠭᠤᠴᠠᠭᠠᠨ ᠳᠤ᠂ ᠬᠤᠰᠢᠭᠤᠨ ᠨᠠᠮ ᠤᠨ ᠬᠤᠷᠢᠶᠠᠨ ᠤ ᠱᠦᠵᠢ ᠸᠧᠢ ᠪᠢᠯᠢᠭ᠂ ᠬᠤᠰᠢᠭᠤᠨ ᠨᠠᠮ ᠤᠨ | ᠬᠤᠷᠢᠶᠠᠨ ᠤ ᠳᠡᠳ᠋ ᠱᠦᠵᠢ ᠴᠧᠨ ᠬᠤ᠋ ᠨᠠᠠ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠯᠭ᠎ᠠ | ᠥᠭᠴᠦ᠂ ᠶᠡᠭᠡ ᠬᠤᠷᠠᠯ ᠤᠨ ᠶᠠᠷᠢᠶ᠎ᠠ ᠶᠢ ᠰᠣᠨᠣᠰᠤᠨ᠂ ᠳᠤᠭᠤᠶᠢᠯᠠᠩ ᠬᠤᠪᠢᠶᠠᠨ ᠶᠠᠷᠢᠯᠴᠠᠬᠤ ᠬᠤᠷᠠᠯ ᠳᠤ ᠣᠷᠣᠯᠴᠠᠵᠤ᠂ | ᠭᠡᠰᠢᠭᠦᠳ ᠲᠠᠢ ᠨᠢᠭᠤᠷᠲᠠᠨ ᠶᠠᠷᠢᠯᠴᠠᠨ ᠵᠥᠪᠳᠡᠯᠴᠡᠵᠦ᠂ ᠪᠣᠳᠣᠯ ᠰᠠᠨᠠᠭ᠎ᠠ ᠪᠠᠨ ᠰᠣᠯᠢᠯᠴᠠᠨ᠂ ᠬᠥᠭᠵᠢᠯᠲᠡ ᠶᠢᠨ ᠶᠡᠭᠡ | ᠪᠣᠳᠣᠯᠭ᠎ᠠ ᠶᠢ ᠬᠠᠮᠲᠤ ᠪᠠᠷ ᠵᠦᠪᠳᠡᠯᠴᠡᠵᠦ᠂ ᠥᠭᠡᠷᠡᠴᠢᠯᠡᠯᠲᠡ ᠶᠢᠨ ᠰᠠᠶᠢᠨ ᠪᠣᠳᠣᠯᠭ᠎ᠠ ᠶᠢ ᠬᠠᠮᠲᠤ ᠪᠠᠷ ᠰᠦᠪᠡᠭᠴᠢᠯᠡᠨ᠂ | ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠳᠡᠭᠡᠳᠦ ᠬᠡᠮᠵᠢᠶ᠎ᠡ | ᠪᠠᠷ ᠴᠢᠬᠤᠯᠠᠴᠢᠯᠠᠵᠤ ᠪᠠᠶᠢᠬᠤ ᠪᠠ ᠶᠡᠭᠡ ᠪᠠᠷ ᠳᠠᠮᠵᠢᠵᠦ ᠪᠠᠶᠢᠬᠤ ᠶᠢ ᠭᠦᠢᠴᠡᠳ ᠢᠯᠡᠷᠡᠭᠦᠯᠪᠡ᠃ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠲᠥᠷᠥ ᠶᠢᠨ ᠶᠠᠪᠤᠳᠠᠯ ᠳᠤ ᠤᠷᠤᠯᠴᠠᠬᠤ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠤᠰᠢᠭᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠪᠠ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠳᠥᠷᠦᠯ ᠤᠨ | ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ ᠶᠠᠷᠢᠯᠴᠠᠨ᠂ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠬᠤ᠂ | ᠳᠤᠭᠤᠶᠢᠯᠠᠩ ᠬᠤᠪᠢᠶᠠᠨ ᠶᠠᠷᠢᠯᠴᠠᠬᠤ᠂ ᠰᠠᠨᠠᠯ ᠳᠤᠷᠠᠳᠤᠯᠭ᠎ᠠ ᠳᠡᠪᠰᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠭᠦᠨᠵᠡᠭᠡᠢ ᠰᠠᠨᠠᠯ ᠳᠤᠷᠠᠳᠴᠤ ᠲᠥᠷᠥ ᠶᠢᠨ ᠶᠠᠪᠤᠳᠠᠯ ᠢ ᠵᠥᠪᠯᠡᠨ᠂ ᠢᠳᠡᠪᠬᠢᠲᠡᠢ ᠪᠠᠷ ᠰᠡᠨᠠᠯ ᠰᠠᠨᠠᠭᠤᠯᠭ᠎ᠠ ᠳᠤᠷᠠᠳᠤᠨ ᠠᠷᠭ᠎ᠠ | ᠤᠬᠠᠭᠠᠨ ᠭᠠᠷᠭᠠᠵᠤ᠂ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠪᠦᠷᠢᠯᠳᠦᠭᠦᠯᠦᠨ᠂ ᠤᠷᠤᠭᠰᠢᠯᠠᠨ ᠲᠠᠪᠰᠢᠬᠤ ᠬᠦᠴᠦᠨ | ᠢ ᠨᠢᠭᠲᠠᠷᠠᠭᠤᠯᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠪᠡᠷᠮᠢᠴᠡ ᠳᠠᠪᠠᠭᠤᠯᠢᠭ ᠢ ᠪᠠᠳᠠᠷᠠᠭᠤᠯᠪᠠ᠃ ᠬᠤᠷᠠᠯ ᠨᠢ | ᠪᠦᠯᠬᠦᠮᠳᠡᠯ᠂ ᠠᠷᠠᠳᠴᠢᠯᠠᠯ᠂ ᠪᠤᠳᠠᠲᠠᠢ ᠶᠢ ᠡᠷᠬᠢᠮᠯᠡᠬᠦ᠂ ᠡᠷᠡᠮᠡᠭᠡᠶᠢᠯᠡᠨ ᠤᠷᠤᠭᠰᠢᠯᠠᠬᠤ ᠶᠢᠨ ᠠᠭᠤᠷ ᠠᠮᠢᠰᠬᠤᠯ ᠢᠶᠠᠷ | ᠪᠢᠯᠬᠠᠵᠤ᠂ ᠲᠤᠭ ᠢ ᠥᠨᠳᠥᠷ ᠲᠤ ᠮᠠᠨᠳᠤᠭᠤᠯᠤᠭᠰᠠᠨ᠂ ᠬᠠᠮᠲᠤ ᠶᠢᠨ ᠲᠠᠨᠢᠯᠲᠠᠶᠢ ᠨᠢᠭᠲᠠᠷᠠᠭᠤᠯᠤᠭᠰᠠᠨ᠂ ᠬᠥᠭᠵᠢᠯᠲᠡ ᠶᠢ | ᠬᠠᠮᠲᠤ ᠪᠠᠷ ᠰᠦᠪᠡᠭᠴᠢᠯᠡᠭᠰᠡᠨ᠂ ᠣᠯᠠᠨ ᠤ ᠣᠶᠣᠨ ᠤᠬᠠᠭᠠᠨ ᠢ ᠲᠥᠪᠯᠡᠷᠡᠭᠦᠯᠦᠭᠰᠡᠨ᠂ ᠢᠲᠡᠭᠡᠯ ᠵᠣᠷᠢᠭ ᠢ ᠬᠥᠪᠴᠢᠯᠡᠭᠰᠡᠨ᠂ | ᠣᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠭᠰᠡᠨ ᠶᠡᠭᠡ ᠬᠤᠷᠠᠯ ᠪᠣᠯᠵᠠᠢ ᠭᠡᠪᠡ᠃ | ᠰᠡᠷᠭᠦᠯᠡᠩ ᠴᠢᠬᠤᠯᠠᠴᠢᠯᠠᠭᠰᠠᠨ ᠨᠢ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 | ᠵᠢᠯ ᠤᠨ ᠣᠢ᠂ ᠠᠷᠠᠳ ᠤᠨ ᠤᠯᠤᠰ ᠲᠥᠷᠥ ᠶᠢᠨ ᠵᠥᠪᠯᠡᠯᠬᠡᠨ ᠪᠠᠶᠢᠭᠤᠯᠤᠭᠳᠠᠭᠰᠠᠨ 75 ᠵᠢᠯ ᠤᠨ ᠣᠢ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ | ᠪᠠᠶᠢᠵᠤ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠪᠥᠬᠦ ᠬᠤᠰᠢᠭᠤᠨ ᠤ ᠠᠵᠢᠯ ᠤᠨ | ᠶᠡᠭᠡ ᠲᠠᠯ᠎ᠠ ᠶᠢᠨ ᠲᠣᠭᠤᠷᠢᠨ ᠳᠤ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ | ᠨᠡᠪᠲᠡᠷᠡᠯᠴᠡᠭᠦᠯᠬᠦ ᠶᠢ ᠪᠠᠷᠢᠮᠳᠠᠯᠠᠵᠤ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠵᠦ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ | ᠲᠠᠰᠤᠷᠠᠯᠲᠠ ᠦᠭᠡᠢ ᠡᠭᠦᠳᠦᠨ᠂ ᠠᠷᠤ ᠬᠤᠷᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ | ᠣᠯᠠᠨ ᠣᠶᠣᠨ ᠤᠬᠠᠭᠠᠨ ᠢ ᠨᠢᠭᠲᠠᠷᠠᠭᠤᠯᠵᠤ᠂ ᠨᠡᠩ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠲᠤᠭ | ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠬᠤᠰᠢᠭᠤᠨ ᠨᠠᠮ ᠤᠨ ᠬᠤᠷᠢᠶᠠᠨ ᠤ ᠬᠠᠷᠠᠯᠲᠠ ᠲᠠᠢ ᠢᠵᠢᠯ | ᠴᠢᠭᠯᠡᠯ᠂ ᠠᠵᠢᠯ ᠲᠠᠢ ᠢᠵᠢᠯ ᠪᠠᠶᠢᠬᠤ ᠶᠢ ᠢᠮᠠᠭᠲᠠ ᠪᠠᠷᠢᠮᠳᠠᠯᠠᠵᠤ᠂ ᠤᠯᠤᠰ ᠲᠥᠷᠥ ᠶᠢᠨ ᠵᠦᠪᠳᠡᠯᠴᠡᠬᠦ᠂ ᠠᠷᠠᠳᠴᠢᠯᠠᠯ | ᠢᠶᠠᠷ ᠬᠢᠨᠠᠯᠲᠡ ᠲᠠᠯᠪᠢᠬᠤ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ᠂ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠨᠠᠮ ᠤᠨ ᠤᠳᠤᠷᠢᠳᠤᠯᠭ᠎ᠠ ᠶᠢ ᠤᠯᠤᠰ ᠲᠥᠷᠥ | ᠶᠢᠨ ᠵᠥᠪᠯᠡᠯᠬᠡᠨ ᠤ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠳᠤᠯᠠᠬᠤ | ᠬᠡᠷᠡᠭᠲᠡᠢ᠃ ᠶᠡᠭᠡ ᠲᠠᠯ᠎ᠠ ᠳᠤ ᠦᠢᠯᠡᠴᠢᠯᠡᠨ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ | ᠠᠵᠤ ᠦᠢᠯᠡᠰ ᠤᠨ ᠴᠢᠩᠭᠠᠳᠬᠠᠯ᠂ ᠡᠬᠢ ᠪᠠᠶᠠᠯᠢᠭ ᠤᠨ ᠬᠤᠪᠢᠷᠠᠭᠤᠯᠤᠯᠲᠠ ᠵᠡᠷᠭᠡ ᠬᠤᠰᠢᠭᠤᠨ ᠨᠠᠮ ᠤᠨ ᠬᠤᠷᠢᠶ᠎ᠠ ᠵᠠᠰᠠᠭ | ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠢᠨᠵᠢᠯᠡᠬᠦ | ᠤᠬᠠᠭᠠᠨᠴᠢ ᠪᠠᠷ ᠰᠡᠳᠦᠪ ᠰᠣᠩᠭᠤᠵᠤ᠂ ᠣᠨᠢᠨ ᠳᠡᠭᠡᠷ᠎ᠡ ᠨᠢ ᠬᠦᠴᠦᠯᠡᠨ᠂ ᠭᠦᠨ ᠭᠦᠨᠵᠡᠭᠡᠢ ᠪᠠᠶᠢᠴᠠᠭᠠᠨ ᠰᠤᠳᠤᠯᠤᠯᠲᠠ | ᠥᠷᠨᠢᠭᠦᠯᠦᠨ ᠂ ︽ᠠᠵᠤ ᠠᠬᠤᠢ ᠪᠠᠨ ᠬᠥᠭᠵᠢᠭᠦᠯᠬᠦ︾ ᠲᠠᠯ᠎ᠠ ᠪᠠᠷ ᠰᠣᠳᠣ ᠮᠡᠷᠭᠡᠨ ᠰᠠᠨᠠᠯ ᠰᠠᠨᠠᠭᠤᠯᠭ᠎ᠠ ᠥᠭᠴᠦ᠂ | ︽ᠬᠥᠭᠵᠢᠯᠲᠡ ᠶᠢ ᠠᠬᠢᠭᠤᠯᠬᠤ︾ ᠲᠠᠯ᠎ᠠ ᠪᠠᠷ ᠪᠤᠳᠠᠲᠠᠢ ᠶᠢ ᠡᠷᠬᠢᠮᠯᠡᠭᠰᠡᠨ ᠠᠷᠭ᠎ᠠ ᠪᠣᠳᠣᠯᠭ᠎ᠠ ᠭᠠᠷᠭᠠᠵᠤ᠂ ᠠᠷᠤ ᠬᠤᠷᠴᠢᠨ | ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢᠨ ᠢᠳᠡᠪᠬᠢᠲᠡᠢ ᠣᠷᠣᠯᠴᠠᠭᠴᠢ᠂ ᠦᠢᠯᠡᠳᠦᠯᠭᠡᠵᠢᠭᠦᠯᠦᠭᠴᠢ ᠪᠣᠯᠬᠤ ᠪᠠᠷ | ᠴᠢᠷᠮᠠᠶᠢᠬᠤ ᠬᠡᠷᠡᠭᠲᠡᠢ᠃ ᠠᠷᠠᠳ ᠢᠶᠠᠷ ᠦᠨᠳᠦᠰᠦ ᠪᠣᠯᠭᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠬᠤ ᠲᠠᠰᠤᠭ᠂ ᠬᠠᠷᠢᠯᠴᠠᠬᠤ ᠥᠷᠲᠡᠭᠡ ᠵᠡᠷᠭᠡ ᠵᠥᠪᠯᠡᠯᠭᠡᠨ ᠤ ᠳᠠᠪᠴᠠᠩ | ᠢ ᠰᠠᠶᠢᠲᠤᠷ ᠠᠰᠢᠭᠯᠠᠨ ᠠᠮᠢᠳᠤᠯᠢᠭ ᠬᠡᠷᠡᠭᠯᠡᠵᠦ᠂ ᠣᠯᠠᠨ ᠲᠦᠮᠡᠨ ᠤ ᠬᠦᠰᠡᠯ ᠡᠷᠡᠮᠡᠯᠵᠡᠯ ᠢ ᠴᠠᠭ ᠲᠤᠬᠠᠢ ᠳᠤᠨᠢ | ᠣᠨᠣᠪᠴᠢᠲᠠᠢ ᠲᠤᠰᠬᠠᠵᠤ᠂ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠡᠲᠡᠭᠡᠳ ᠤᠨ ᠣᠯᠠᠨ ᠲᠦᠮᠡᠨ | ᠲᠠᠢ ᠬᠠᠷᠢᠯᠴᠬᠤ ᠬᠥᠭᠦᠷᠭᠡ ᠬᠤᠯᠪᠣᠭᠠᠰᠤ ᠶᠢ ᠰᠠᠶᠢᠲᠤᠷ ᠴᠤᠭᠴᠠᠯᠠᠬᠤ ᠬᠡᠷᠡᠭᠲᠡᠢ᠃ ᠵᠥᠪᠯᠡᠬᠦ ᠳᠡᠭᠡᠨ ᠠᠷᠭ᠎ᠠ ᠰᠠᠮᠪᠠᠭ᠎ᠠ ᠲᠠᠢ | ᠪᠠᠶᠢᠵᠤ᠂ ᠲᠤᠰᠬᠠᠢ ᠰᠡᠳᠦᠪ ᠢᠶᠠᠷ ᠵᠥᠪᠯᠡᠬᠦ᠂ ᠠᠵᠢᠯ ᠳᠦᠷᠦᠯ ᠤᠨ ᠰᠢᠰᠲ᠋ᠧᠮ ᠢᠶᠠᠷ ᠵᠥᠪᠯᠡᠬᠦ᠂ ᠬᠠᠷᠢᠶᠠᠯᠠᠯ ᠤᠨ ᠢᠯᠭᠠᠯ | ᠢᠶᠠᠷ ᠵᠥᠪᠯᠡᠬᠦ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠪᠠᠷ ᠵᠥᠪᠯᠡᠬᠦ ᠵᠡᠷᠭᠡ ᠠᠮᠢᠳᠤᠯᠢᠭ ᠪᠥᠭᠡᠳ ᠣᠯᠠᠨ ᠶᠠᠩᠵᠤ ᠶᠢᠨ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠤᠲᠠᠲᠠᠶᠢᠵᠢᠭᠤᠯᠤᠭᠰᠠᠨ ᠥᠨᠳᠥᠷ ᠪᠦᠲᠦᠮᠵᠢᠲᠡᠢ ᠵᠥᠪᠯᠡᠬᠦ ᠵᠦᠢᠯᠡᠰ ᠤᠨ | ᠠᠵᠢᠯᠯᠠᠭ᠎ᠠ ᠶᠢ ᠥᠷᠨᠢᠭᠦᠯᠵᠦ᠂ ᠵᠥᠪᠯᠡᠬᠦ ᠵᠦᠢᠯᠡᠰ ᠢ ᠦᠨᠡᠨ ᠬᠦ ᠲᠤᠰᠠᠲᠠᠢ᠂ ᠬᠡᠷᠡᠭᠴᠡᠭᠡ ᠲᠠᠢ ᠪᠣᠯᠭᠠᠬᠤ ᠬᠡᠷᠡᠭᠲᠡᠢ᠃ | ᠬᠤᠰᠢᠭᠤ᠂ ᠰᠢᠶᠠᠩ᠂ ᠲᠣᠰᠬᠤᠨ᠂ ᠳᠤᠭᠤᠶᠢᠯᠠᠩ ︽ᠳᠥᠷᠪᠡ ᠶᠢ ᠨᠢᠭᠡ ᠴᠤᠭᠴᠠᠵᠢᠭᠤᠯᠬᠤ︾ ᠵᠥᠪᠯᠡᠯᠭᠡᠨ ᠤ ᠲᠣᠤᠷ ᠢ | ᠪᠠᠶᠢᠭᠤᠯᠵᠤ᠂ ᠣᠯᠠᠨ ᠲᠦᠮᠡᠨ ᠤ ᠪᠠᠴᠢᠮ ᠠᠰᠠᠭᠤᠳᠠᠯ᠂ ᠬᠦᠴᠢᠷᠲᠡᠢ ᠠᠰᠠᠭᠤᠳᠠᠯ᠂ ᠬᠦᠰᠡᠨ ᠡᠷᠡᠮᠡᠯᠵᠡᠵᠦ ᠪᠠᠶᠢᠭ᠎ᠠ | ᠠᠰᠠᠭᠤᠳᠠᠯ ᠢ ᠪᠠᠶᠢᠴᠠᠭᠠᠨ ᠰᠤᠳᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠳᠤ ᠤᠯᠤᠰ ᠲᠥᠷᠥ ᠶᠢᠨ | ᠵᠥᠪᠯᠡᠯᠭᠡᠨ ᠤ ᠤᠶᠤᠨ ᠤᠬᠠᠭᠠᠨ ᠢᠶᠠᠨ ᠡᠷᠭᠦᠬᠦ ᠬᠡᠷᠡᠭᠲᠡᠢ᠃ ᠪᠡᠶ᠎ᠡ ᠪᠠᠨ ᠵᠠᠰᠠᠵᠤ ᠥᠪᠡᠷ ᠢ ᠪᠠᠨ ᠴᠢᠩᠭᠠᠯᠠᠵᠤ ᠰᠠᠶᠢᠨ | ᠰᠠᠶᠢᠬᠠᠨ ᠳᠦᠷᠢ ᠲᠥᠷᠬᠦ ᠶᠢ ᠪᠤᠢ ᠪᠣᠯᠭᠠᠨ᠂ ᠦᠷᠭᠦᠯᠵᠢ ᠨᠣᠮ ᠤᠩᠰᠢᠵᠤ ᠰᠠᠶᠢᠲᠤᠷ ᠰᠤᠷᠤᠯᠴᠠᠬᠤ ᠶᠢ ᠪᠠᠷᠢᠮᠳᠠᠯᠠᠵᠤ᠂ | ᠶᠡᠷᠦᠩᠬᠡᠶᠢᠯᠡᠭᠰᠡᠨ ᠬᠡᠪ ᠪᠣᠯᠪᠠᠰᠤᠷᠠᠯ ᠪᠣᠯᠣᠨ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠ ᠶᠣᠰᠣ ᠳᠦᠷᠢᠮ ᠢ ᠲᠡᠷᠢᠭᠦᠨ ᠳᠤ ᠲᠠᠯᠪᠢᠵᠤ᠂ ᠦᠵᠡᠯᠲᠡ ᠦᠨᠳᠦᠰᠦᠯᠡᠯ | ᠲᠠᠢ᠂ ᠪᠤᠳᠠᠲᠠᠢ ᠳᠤ ᠨᠡᠶᠢᠴᠡᠭᠰᠡᠨ ᠪᠠᠶᠢᠬᠤ ᠪᠠ ᠦᠭᠡ ᠶᠠᠷᠢᠶ᠎ᠠ ᠦᠢᠯᠡ ᠠᠵᠢᠯᠯᠠᠭ᠎ᠠ ᠬᠤᠷᠢᠭ᠎ᠠ ᠴᠡᠭᠡᠷ ᠲᠠᠢ᠂ ᠶᠣᠰᠣ | ᠳᠦᠷᠢᠮ ᠢ ᠵᠢᠷᠦᠮᠯᠡᠭᠰᠡᠨ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠡᠷᠬᠢᠮ ᠳᠡᠭᠡᠳᠦ ᠮᠤᠷᠠᠯ ᠰᠤᠷᠳᠠᠯ ᠢ | ᠬᠥᠭᠡᠭᠡᠴᠡᠯᠳᠦᠨ᠂ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠦᠨᠡᠨᠴᠢ ᠢᠳᠡᠭᠡᠮᠵᠢᠲᠡᠢ᠂ | ᠠᠵᠢᠯ ᠦᠢᠯᠡᠰ ᠢᠶᠠᠨ ᠳᠡᠭᠡᠳᠦᠯᠡᠨ ᠬᠠᠷᠠᠮ ᠦᠭᠡᠢ ᠵᠣᠷᠢᠭᠤᠯᠳᠠᠭ᠂ ᠶᠣᠰᠣ ᠮᠤᠷᠠᠯ ᠢ ᠡᠷᠬᠢᠮᠯᠡᠨ ᠰᠠᠶᠢᠨ ᠰᠠᠶᠢᠬᠠᠨ ᠢ | ᠬᠥᠭᠡᠭᠡᠴᠡᠯᠳᠦᠳᠡᠭ ᠵᠢᠱᠢᠶᠡᠴᠢ ᠪᠣᠯᠵᠤ᠂ ᠡᠷᠬᠢᠮ ᠳᠡᠭᠡᠳᠦ ᠵᠠᠩ ᠴᠢᠨᠠᠷ ᠤᠨ ᠲᠠᠲᠠᠬᠤ ᠬᠦᠴᠦᠨ ᠢᠶᠠᠷ ᠢᠶᠠᠨ ᠣᠯᠠᠨ ᠲᠦᠮᠡᠨ ᠢ | ᠳᠠᠭᠠᠭᠤᠯᠤᠨ ᠤᠷᠢᠶᠠᠯᠠᠵᠤ ᠨᠢᠭᠲᠠᠷᠠᠭᠤᠯᠬᠤ ᠬᠡᠷᠡᠭᠲᠡᠢ ᠭᠡᠪᠡ᠃ | | | | | ᠰᠡᠷᠭᠦᠯᠡᠩ᠂ ᠦᠷᠭᠡᠨ ᠤᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ | ᠤᠨ ᠡᠪ ᠬᠠᠮᠲᠤ ᠨᠠᠮ ᠤᠨ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠣᠯᠠᠨ ᠤ ᠰᠡᠳᠬᠢᠯ ᠢ ᠨᠢᠭᠡᠳᠬᠡᠨ᠂ ᠣᠯᠠᠨ ᠤ ᠬᠦᠴᠦᠨ ᠪᠠ ᠣᠶᠣᠨ ᠤᠬᠠᠭᠠᠨ ᠢ ᠨᠢᠭᠲᠠᠷᠠᠭᠤᠯᠵᠤ᠂ ᠨᠡᠶᠢᠭᠡᠮ | ᠵᠢᠷᠦᠮᠲᠤ ᠣᠳᠣᠬᠢᠴᠢᠯᠠᠭᠰᠠᠨ ᠠᠷᠤ ᠬᠤᠷᠴᠢᠨ ᠬᠤᠰᠢᠭᠤ ᠶᠢ ᠪᠦᠲᠦᠭᠡᠨ ᠪᠠᠶᠢᠭᠤᠯᠬᠤ ᠠᠶᠠᠨ ᠵᠠᠮ ᠳᠤ ᠭᠡᠰᠢᠭᠦᠳ ᠤᠨ ᠴᠤᠭ | ᠵᠢᠪᠬᠤᠭ᠎ᠠ ᠪᠠᠨ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠬᠦᠴᠦᠨ ᠢᠶᠠᠨ ᠡᠷᠭᠦᠶ᠎ᠡ ᠭᠡᠪᠡ᠃ | ᠤᠯᠤᠰ ᠲᠥᠷᠥ ᠶᠢᠨ ᠵᠥᠪᠯᠡᠯᠬᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠰᠦᠷ ᠵᠢᠪᠬᠤᠯᠠᠩᠲᠤ ᠤᠯᠤᠰ ᠤᠨ ᠰᠦᠯᠳᠡ ᠲᠠᠭᠤᠤ ᠶᠢᠨ ᠠᠶᠠᠰ ᠳᠤᠮᠳᠠ | ᠠᠮᠵᠢᠯᠲᠠᠲᠠᠢ ᠥᠨᠳᠦᠷᠯᠡᠪᠡ᠃ ︵ᠬᠠᠮ ᠵᠠᠭᠤᠴᠢᠯᠠᠭᠤᠷ ᠤᠨ ᠪᠥᠬᠦ ᠰᠤᠷᠪᠤᠯᠵᠢᠯᠠᠭᠴᠢᠳ︶ | | |