| | 1 ᠰᠠᠷ᠎ᠠ ᠶᠢᠨ 27 ᠤ ᠦᠳᠡ ᠶᠢᠨ ᠬᠤᠶᠢᠨ᠎ᠠ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯᠳᠤᠭᠠᠨ ᠡᠯ᠎ᠡ ᠵᠦᠢᠯ ᠤᠨ | ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠦᠷ ᠵᠢᠪᠬᠤᠯᠠᠩᠲᠤ ᠤᠯᠤᠰ ᠤᠨ ᠰᠦᠯᠲᠡ ᠳᠠᠭᠤᠤ ᠶᠢᠨ | ᠳᠤᠮᠳᠠ ᠬᠤᠰᠢᠭᠤᠨ ᠬᠤᠷᠠᠯ ᠦᠵᠡᠭᠦᠯᠭᠡ ᠶᠢᠨ ᠲᠥᠪ ᠲᠤ ᠠᠮᠵᠢᠯᠲᠠ ᠲᠠᠢ ᠥᠨᠳᠥᠷᠯᠡᠪᠡ᠃ 175 ᠲᠥᠯᠥᠭᠡᠯᠡᠭᠴᠢ | ᠲᠡᠭᠦᠰᠬᠦ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠸᠧᠢ ᠪᠢᠯᠢᠭ᠂ ᠵᠠᠩ | ᠬᠤᠩ ᠰᠢᠨ᠂ ᠬᠥᠬᠡᠪᠡᠷᠰ᠂ ᠶᠠᠩ ᠡᠾᠦ᠋ᠢ ᠶᠠᠨ᠂ ᠴᠢᠨ ᠶᠤᠸᠠᠢ ᠭᠦᠸᠧ᠂ ᠵᠠᠩ ᠰᠢᠦᠢ ᠫᠧᠩ ᠲᠡᠷᠢᠭᠦᠯᠡᠭᠴᠢᠳ ᠤᠨ | ᠲᠠᠶᠢᠰᠠᠨ ᠤ ᠡᠮᠦᠨ᠎ᠡ ᠮᠥᠷ ᠲᠤ ᠰᠠᠭᠤᠯᠴᠠᠪᠠ᠃ ᠴᠧᠨ ᠬᠤ᠋ ᠨᠠᠠ᠂ ᠰᠡᠷᠭᠦᠯᠡᠩ ᠵᠡᠷᠭᠡ ᠶᠡᠭᠡ ᠬᠤᠷᠠᠯ ᠤᠨ ᠲᠡᠷᠢᠭᠦᠯᠡᠭᠴᠢᠳ | ᠤᠨ ᠪᠦᠯᠬᠦᠮ ᠤᠨ ᠪᠦᠷᠢᠯᠳᠦᠭᠦᠨ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠨ ᠪᠤᠰᠤ | ᠬᠤᠰᠢᠭᠤᠨ ᠤᠳᠤᠷᠢᠳᠤᠯᠭ᠎ᠠ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠤᠯᠴᠠᠪᠠ᠃ ᠲᠡᠭᠦᠰᠬᠦ ᠬᠤᠷᠠᠯ ᠢ ᠶᠡᠭᠡ | ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠵᠠᠩ | ᠬᠤᠩ ᠰᠢᠨ ᠡᠷᠬᠢᠯᠡᠪᠡ᠃ | | | | | ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠪᠢᠯᠧᠲ ᠥᠭᠴᠦ ᠰᠣᠩᠭᠤᠬᠤ ᠭᠡᠯᠪᠡᠷᠢ ᠪᠠᠷ ᠵᠠᠩ ᠬᠤᠩ ᠰᠢᠨ ᠢ | ᠬᠤᠰᠢᠭᠤᠨ ᠠᠷᠪᠠᠨ ᠨᠠᠢᠮᠠᠳᠤᠭ᠋ᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ᠂ ᠸᠧᠢ ᠰᠢᠨ ᠢᠦᠢ ᠶᠢ ᠬᠤᠰᠢᠭᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ | ᠰᠠᠶᠢᠠᠪᠠᠶᠠᠷ ᠢ ᠬᠤᠰᠢᠭᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠪᠠ᠃ ᠬᠤᠷᠠᠯ ᠠᠴᠠ ᠦᠨᠳᠦᠰᠦᠨ ᠬᠠᠤᠯᠢ ᠳᠤ ᠲᠠᠩᠭᠠᠷᠢᠭᠯᠠᠬᠤ | ᠶᠤᠰᠣᠯᠠᠯ ᠶᠠᠪᠤᠭᠤᠯᠵᠤ᠂ ᠰᠢᠨ᠎ᠡ ᠪᠠᠷ ᠰᠣᠩᠭᠤᠭᠳᠠᠭᠰᠠᠨ ᠨᠥᠬᠦᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ | ᠲᠠᠩᠭᠠᠷᠢᠭᠯᠠᠪᠠ᠃ | | | | | ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ᠂ 2023 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ | 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ | ᠰᠢᠢᠳᠪᠦᠷᠢ᠂ 2023 ᠣᠨ ᠤ ᠡᠳ᠋ ᠤᠨ ᠵᠠᠰᠠᠭ ᠤᠨ ᠲᠥᠰᠥᠪ ᠢ ᠬᠡᠷᠡᠭᠵᠢᠭᠦᠯᠦᠭᠰᠡᠨ ᠪᠠᠶᠢᠳᠠᠯ ᠪᠠ 2024 ᠣᠨ ᠤ ᠡᠳ᠋ | ᠤᠨ ᠵᠠᠰᠠᠭ ᠤᠨ ᠲᠥᠰᠦᠪ ᠤᠨ ᠲᠤᠬᠠᠢ ᠰᠢᠢᠳᠪᠦᠷᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠰᠢᠬᠦᠬᠦ ᠬᠤᠷᠢᠶᠠᠨ ᠤ ᠠᠵᠢᠯ ᠤᠨ ᠮᠡᠳᠡᠭᠦᠯᠦᠯᠲᠡ | ᠶᠢᠨ ᠲᠤᠬᠠᠢ ᠰᠢᠢᠳᠪᠦᠷᠢ᠂ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ | ᠪᠠᠲᠣᠯᠠᠪᠠ᠃ | | | | | ᠵᠠᠩ ᠬᠤᠩ ᠰᠢᠨ ᠶᠠᠷᠢᠶᠠᠨ ᠳᠠᠭᠠᠨ᠂ ᠬᠤᠷᠠᠯ ᠠᠴᠠ ᠡᠯ᠎ᠡ ᠵᠦᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ | ᠪᠠᠳᠤᠯᠠᠨ᠂ 2023 ᠣᠨ ᠤ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠳᠦᠷᠦᠯ ᠵᠦᠢᠯ ᠤᠨ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠵᠦ᠂ 2024 ᠣᠨ ᠤ ᠬᠤᠰᠢᠭᠤᠨ | ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠲᠠᠲᠤ ᠶᠠᠪᠤᠳᠠᠯ ᠤᠨ ᠳᠦᠷᠥᠯ ᠵᠦᠢᠯ ᠢ ᠪᠢᠯᠧᠲ ᠢᠶᠠᠷ | ᠲᠣᠭᠲᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠨᠠᠮ ᠤᠨ ᠬᠤᠷᠢᠶᠠᠨ ᠤ ᠱᠠᠭᠠᠷᠳᠠᠯᠭ᠎ᠠ ᠶᠢ | ᠭᠦᠨᠵᠡᠭᠡᠢ ᠲᠣᠭᠤᠰᠢᠯᠠᠭᠤᠯᠤᠨ᠂ ᠡᠯ᠎ᠡ ᠵᠦᠢᠯ ᠤᠨ ᠰᠤᠩᠭᠤᠭᠤᠯᠢ ᠶᠢᠨ ᠡᠭᠦᠷᠭᠡ ᠶᠢ ᠬᠠᠤᠯᠢ ᠶᠣᠰᠣᠭᠠᠷ ᠪᠡᠶᠡᠯᠡᠭᠦᠯᠵᠦ᠂ | ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠨᠠᠮ ᠤᠨ ᠬᠤᠷᠢᠶᠠᠨ ᠤ ᠵᠢᠱᠢᠭᠳᠡᠭᠴᠢ ᠶᠢᠨ ᠵᠣᠷᠢᠯᠲᠠ ᠶᠢ ᠪᠡᠶᠡᠯᠡᠭᠦᠯᠪᠡ᠃ | ᠬᠤᠷᠠᠯ ᠨᠢ ᠪᠥᠬᠦ ᠲᠥᠯᠥᠭᠡᠯᠡᠭᠴᠢᠳᠤᠨ ᠬᠠᠮᠲᠤ ᠶᠢᠨ ᠤᠶᠤᠨ ᠤᠬᠠᠭᠠᠨ ᠢ ᠨᠢᠭᠲᠠᠷᠠᠭᠤᠯᠵᠤ᠂ ᠪᠥᠬᠦ ᠬᠤᠰᠢᠭᠤᠨ ᠤ ᠠᠷᠠᠳ | ᠲᠦᠮᠡᠨ ᠤ ᠦᠨᠡᠨ ᠪᠤᠳᠠᠲᠠᠢ ᠬᠦᠰᠡᠯ ᠡᠷᠡᠮᠡᠯᠵᠡᠯ ᠢ ᠲᠤᠰᠬᠠᠭᠰᠠᠨ ᠪᠠᠶᠢᠨ᠎ᠠ ᠭᠡᠵᠡᠢ᠃ | ᠵᠠᠩ ᠬᠤᠩ ᠰᠢᠨ ᠠᠴᠠ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠶᠢᠨ ︽ᠪᠤᠤᠭᠢᠶᠡ︾ ᠶᠢ ᠲᠣᠰᠴᠤ᠂ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠢ ᠪᠦᠯᠬᠦᠮᠳᠡᠭᠦᠯᠦᠨ ᠳᠠᠭᠠᠭᠤᠯᠵᠤ᠂ ᠪᠥᠬᠦ | ᠲᠥᠯᠥᠭᠡᠯᠡᠭᠴᠢᠳ ᠪᠠ ᠪᠥᠬᠦ ᠬᠤᠰᠢᠭᠤᠨ ᠤ ᠠᠷᠠᠳ ᠲᠦᠮᠡᠨ ᠳᠤ ᠲᠦᠰᠢᠭᠯᠡᠵᠦ᠂ ᠠᠷᠤ ᠬᠤᠷᠴᠢᠨ ᠬᠤᠰᠢᠭᠤᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠯᠢᠳᠡᠭ ᠤᠯᠠᠮᠵᠢᠯᠠᠯ ᠪᠠ ᠰᠤᠷᠳᠠᠯ ᠢ ᠵᠠᠯᠭᠠᠮᠵᠢᠯᠠᠨ | ᠪᠠᠳᠠᠷᠠᠭᠤᠯᠵᠤ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠵᠦ᠂ ᠦᠨᠡᠨᠴᠢ ᠰᠢᠳᠤᠷᠭᠤ ᠪᠠᠷ ᠬᠤᠪᠢ ᠨᠡᠮᠡᠷᠢ | ᠦᠵᠡᠭᠦᠯᠵᠦ᠂ ᠠᠵᠢᠯ ᠬᠢᠵᠦ ᠦᠢᠯᠡᠰ ᠴᠤᠭᠴᠠᠯᠠᠭᠰᠠᠨ ᠪᠣᠳᠠᠲᠤ ᠠᠮᠵᠢᠯᠲᠠ ᠪᠠᠷ ᠢᠶᠠᠨ ᠲᠥᠯᠥᠭᠡᠯᠡᠭᠴᠢᠳ ᠪᠠ ᠪᠥᠬᠦ | ᠬᠤᠰᠢᠭᠤᠨ ᠤ ᠠᠷᠠᠳ ᠲᠦᠮᠡᠨ ᠤ ᠭᠦᠨ ᠵᠤᠵᠠᠭᠠᠨ ᠬᠠᠶᠢᠷ᠎ᠠ ᠬᠠᠯᠠᠮᠵᠢ ᠳᠤ ᠬᠠᠷᠢᠭᠤ ᠲᠤᠰᠬᠠᠯ ᠥᠭᠭᠦᠨ᠎ᠡ ᠭᠡᠵᠡᠢ᠃ ᠲᠡᠷᠡ | ᠴᠢᠬᠤᠯᠠᠴᠢᠯᠠᠬᠤ ᠳᠤ ᠪᠠᠨ᠂ ᠬᠤᠰᠢᠭᠤᠨ ᠨᠠᠮ ᠤᠨ ᠬᠤᠷᠢᠶᠠᠨ ᠤ ᠭᠤᠣᠯ ᠠᠵᠢᠯ ᠳᠤ ᠦᠨᠳᠦᠰᠦᠯᠡᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠣᠯᠳᠠᠯᠭ᠎ᠠ ᠶᠢ ᠲᠣᠭᠲᠠᠭᠠᠵᠤ᠂ ᠬᠤᠰᠢᠭᠤᠨ ᠨᠠᠮ ᠤᠨ ᠬᠤᠷᠢᠶ᠎ᠠ | ᠯᠤᠭ᠎ᠠ ᠨᠢᠭᠡ ᠰᠡᠳᠬᠢᠯ ᠢᠵᠢᠯ ᠴᠢᠭᠯᠡᠯ ᠲᠠᠢ ᠪᠠᠶᠢᠬᠤ ᠶᠢ ᠪᠠᠳᠤᠯᠠᠨ᠂ ᠬᠤᠰᠢᠭᠤᠨ ᠨᠠᠮ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠳᠤ ᠠᠩᠬᠠᠷᠤᠯ ᠲᠥᠪᠯᠡᠷᠡᠭᠦᠯᠦᠨ ᠲᠤᠭᠤᠰᠢᠯᠠᠭᠤᠯᠤᠨ ᠨᠠᠶᠢᠳᠠᠪᠦᠷᠢᠵᠢᠭᠤᠯᠬᠤ ᠶᠢ ᠰᠠᠶᠢᠲᠤᠷ | ᠠᠳᠬᠤᠬᠤ ᠬᠡᠷᠡᠭᠲᠡᠢ᠃ ᠠᠷᠤ ᠬᠤᠷᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠡᠦᠬᠡᠲᠦ ᠡᠭᠦᠷᠭᠡ | ᠶᠢ ᠡᠷᠡᠰ ᠡᠭᠦᠷᠭᠡᠯᠡᠨ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠭᠦᠷᠢᠲᠡ ᠶᠢᠨ ᠭᠤᠣᠯ ᠰᠡᠳᠦᠪ ᠪᠣᠯᠭᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠨᠡᠩ ᠰᠠᠨᠠᠭᠠᠴᠢᠯᠠᠭ᠎ᠠ ᠠᠴᠠ ᠪᠠᠨ ᠪᠥᠬᠦ ᠬᠤᠰᠢᠭᠤᠨ ᠤ ᠬᠥᠭᠵᠢᠯᠲᠡ | ᠶᠢᠨ ᠶᠡᠭᠡ ᠲᠠᠯ᠎ᠠ ᠳᠤ ᠲᠠᠯᠪᠢᠨ ᠲᠦᠯᠦᠪᠵᠢᠭᠦᠯᠬᠦ ᠪᠠ ᠠᠬᠢᠭᠤᠯᠵᠤ᠂ ᠲᠣᠭᠲᠠᠭᠠᠯᠲᠠ ᠶᠢᠨ ᠡᠷᠬᠡ ᠶᠢ ᠶᠠᠪᠤᠭᠳᠠᠭᠤᠯᠬᠤ᠂ | ᠬᠢᠨᠠᠯᠲᠠ ᠶᠢᠨ ᠦᠷ᠎ᠡ ᠠᠰᠢᠭ ᠢ ᠪᠤᠲᠠᠲᠠᠶᠢᠵᠢᠭᠤᠯᠬᠤ᠂ ᠲᠥᠯᠥᠭᠡᠯᠡᠭᠴᠢᠳ ᠤᠨ ᠬᠦᠴᠦᠨ ᠢ ᠨᠢᠭᠲᠠᠷᠠᠭᠤᠯᠬᠤ ᠳᠤ ᠬᠦᠴᠦ | ᠲᠠᠯᠪᠢᠵᠤ᠂ ᠬᠡᠵᠢᠶᠡᠳᠡ ᠦᠯᠦ ᠤᠰᠤᠯᠲᠠᠬᠤ ᠣᠶᠣᠨ ᠰᠠᠨᠠᠭᠠᠨ ᠤ ᠳᠦᠷᠰᠦ ᠪᠠᠶᠢᠳᠠᠯ ᠪᠠ ᠴᠣᠴᠠᠯᠲᠠ ᠦᠭᠡᠢ ᠤᠷᠤᠭᠰᠢᠯᠠᠬᠤ | ᠪᠤᠳᠠᠲᠠᠢ ᠠᠵᠢᠯᠯᠠᠬᠤ ᠣᠪᠣᠷ ᠪᠠᠶᠢᠳᠠᠯ ᠢᠶᠠᠷ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠡᠶ᠎ᠡ ᠵᠣᠬᠢᠴᠠᠯ᠂ ᠠᠷᠠᠳ ᠤᠨ | ᠠᠮᠢᠳᠤᠷᠠᠯ ᠤᠨ ᠰᠢᠨ᠎ᠡ ᠠᠷᠤ ᠬᠤᠷᠴᠢᠨ ᠬᠤᠰᠢᠭᠤ ᠶᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ | ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠢᠮᠠᠭᠲᠠ ᠪᠠᠷᠢᠮᠳᠠᠯᠠᠵᠤ᠂ ᠠᠷᠠᠳ ᠤᠯᠠᠨ ᠤ ᠠᠮᠤᠷ ᠲᠦᠪᠰᠢᠨ | ᠠᠶᠤᠯ ᠲᠦᠭᠰᠢᠭᠦᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠬᠦᠰᠡᠯ ᠡᠷᠡᠮᠡᠯᠵᠡᠯ ᠢ ᠲᠡᠮᠡᠴᠡᠯ ᠤᠨ ᠬᠠᠷᠠᠯᠲᠠ ᠪᠠᠨ ᠪᠣᠯᠭᠠᠵᠤ᠂ ᠠᠷᠠᠳ ᠲᠦᠮᠡᠨ ᠤ ᠲᠥᠯᠥᠭᠡ ᠡᠷᠬᠡ ᠪᠠᠨ | ᠬᠡᠷᠡᠭᠯᠡᠵᠦ᠂ ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠲᠦᠮᠡᠨ ᠳᠤ | ᠦᠢᠯᠡᠴᠢᠯᠡᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠰᠤᠷᠭᠠᠨ ᠬᠥᠮᠥᠵᠢᠯ ᠡᠮ ᠡᠮᠨᠡᠯᠭᠡ᠂ ᠠᠷᠠᠳ ᠤᠨ ᠠᠮᠢᠳᠤᠷᠠᠯ ᠤᠨ ᠪᠤᠳᠠᠲᠤ ᠶᠠᠪᠤᠳᠠᠯ ᠤᠨ ᠳᠦᠷᠦᠯ ᠵᠦᠢᠯ ᠵᠡᠷᠭᠡ ᠠᠷᠠᠳ | ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ ᠠᠵᠢᠯ ᠢᠶᠠᠨ | ᠲᠦᠯᠦᠪᠵᠢᠭᠦᠯᠦᠨ᠂ ᠬᠢᠨᠠᠯᠲᠡ ᠲᠠᠯᠪᠢᠬᠤ ᠪᠠᠨ ᠴᠢᠩᠭᠠᠳᠠᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠦᠨᠡᠨ ᠬᠦ | ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠤᠳᠠᠲᠠᠢ ᠬᠢᠵᠦ᠂ ᠪᠥᠬᠦ ᠬᠤᠰᠢᠭᠤᠨ ᠤ ᠠᠷᠠᠳ ᠲᠦᠮᠡᠨ ᠤ | ᠵᠣᠯ ᠵᠢᠷᠭᠠᠯᠲᠤ ᠲᠥᠷᠥᠭᠳᠡᠯ᠂ ᠬᠥᠷᠳᠡᠮᠵᠢ ᠶᠢᠨ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ | ᠦᠭᠡᠢ ᠨᠡᠮᠡᠭᠳᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠩᠭ᠎ᠠ ᠭᠤᠣᠯ ᠬᠥᠭ ᠠᠶᠠᠰ ᠢ | ᠲᠣᠰ ᠪᠡᠶ᠎ᠡ ᠶᠢᠨ ᠪᠠᠶᠢᠭᠤᠯᠤᠯᠲᠠ ᠶᠢᠨ ᠪᠥᠬᠦ ᠶᠠᠪᠤᠴᠠ ᠳᠤ ᠲᠣᠭᠤᠰᠢᠯᠠᠭᠤᠯᠬᠤ ᠬᠡᠷᠡᠭᠲᠡᠢ᠃ ᠠᠷᠢᠭᠤᠨ ᠴᠢᠬᠡᠴᠢ ᠪᠠᠷ ᠪᠡᠶ᠎ᠡ | ᠪᠠᠨ ᠵᠠᠰᠠᠬᠤ᠂ ᠠᠷᠠᠳ ᠲᠦᠮᠡᠨ ᠢ ᠬᠦᠨᠳᠦᠳᠬᠡᠬᠦ᠂ ᠵᠣᠬᠢᠶᠠᠨ ᠪᠠᠶᠢᠶᠢᠭᠤᠯᠤᠯᠲᠠ ᠶᠢ ᠬᠦᠨᠳᠦᠳᠬᠡᠬᠦ᠂ ᠬᠠᠤᠯᠢ ᠰᠠᠬᠢᠯᠭ᠎ᠠ ᠶᠢ | ᠬᠦᠨᠳᠦᠳᠬᠡᠬᠦ ᠶᠢ ᠴᠢᠩᠭᠠᠳᠬᠠᠵᠤ᠂ ᠠᠷᠢᠭᠤᠨ ᠴᠢᠬᠡᠴᠢ ᠠᠯᠪᠠᠨ ᠵᠠᠷᠤᠴᠠ ᠶᠢᠨ ᠮᠥᠨ ᠴᠢᠨᠠᠷ ᠢ ᠡᠭᠦᠷᠢᠳᠡ ᠪᠠᠲᠤᠯᠠᠬᠤ | ᠬᠡᠷᠡᠭᠲᠡᠢ᠃ ᠡᠷᠡᠯᠬᠡᠭᠯᠡᠨ ᠤᠷᠤᠭᠰᠢᠯᠠᠬᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠤᠳᠤᠷᠢᠳᠬᠤ ᠪᠠᠭ ᠢ ᠠᠳᠬᠤᠨ᠂ | ᠡᠩᠨᠡᠭᠡ ᠶᠢ ᠳᠠᠭᠠᠭᠤᠯᠵᠤ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠢ ᠶᠢ | ᠦᠷᠭᠦᠯᠵᠢᠯᠡᠨ ᠪᠠᠬᠢᠵᠢᠭᠦᠯᠵᠦ᠂ ᠡᠯ ᠵᠦᠢᠯ ᠤᠨ ᠠᠵᠢᠯ ᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ | ᠠᠬᠢᠭᠤᠯᠬᠤ ᠬᠡᠷᠡᠭᠲᠡᠢ ᠭᠡᠵᠡᠢ᠃ | ᠵᠠᠩ ᠬᠤᠩ ᠰᠢᠨ᠂ ᠬᠤᠷᠠᠯ ᠤᠨ ᠬᠤᠭᠤᠴᠠᠭᠠᠨ ᠳᠤ ᠪᠥᠬᠦ ᠲᠥᠯᠥᠭᠡᠯᠡᠭᠴᠢ ᠪᠥᠬᠦ ᠬᠤᠰᠢᠭᠤᠨ ᠤ ᠦᠨᠳᠦᠰᠦᠲᠡᠨ | ᠨᠦᠭᠦᠳ ᠤᠨ ᠠᠷᠠᠳ ᠲᠦᠮᠡᠨ ᠤ ᠬᠦᠨᠳᠦ ᠨᠠᠶᠢᠲᠠᠯᠭ᠎ᠠ ᠶᠢ ᠡᠭᠦᠷᠭᠡᠯᠡᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠷᠢᠨ ᠬᠢᠨᠠᠮᠠᠭᠠᠢ ᠭᠢᠨᠠᠨ ᠵᠥᠪᠯᠡᠵᠦ᠂ | ᠪᠣᠳᠤᠯ ᠰᠠᠨᠠᠯ ᠢᠶᠠᠨ ᠠᠭᠤᠵᠢᠷᠠᠲᠠᠯ᠎ᠠ ᠶᠠᠷᠢᠵᠤ᠂ ᠠᠷᠠᠳ ᠲᠦᠮᠡᠨ ᠢ ᠲᠥᠯᠥᠭᠡᠯᠡᠨ ᠲᠥᠷᠥ ᠶᠢᠨ ᠶᠠᠪᠤᠳᠠᠯ ᠳᠤ ᠣᠷᠣᠯᠴᠠᠵᠤ | ᠲᠥᠷᠥ ᠶᠢᠨ ᠶᠠᠪᠤᠳᠠᠯ ᠢ ᠵᠥᠪᠯᠡᠵᠦ᠂ ᠡᠷᠬᠡ ᠮᠡᠳᠡᠵᠦ ᠡᠵᠡᠨ ᠰᠠᠭᠤᠵᠤ᠂ ᠬᠡᠬᠦᠳᠡᠭ ᠳᠦᠭᠦᠷᠡᠩ ᠤᠯᠤᠰ ᠲᠥᠷᠥ ᠶᠢᠨ | ᠬᠠᠯᠠᠭᠤᠨ ᠰᠡᠳᠬᠢᠯᠭᠡ᠂ ᠰᠠᠶᠢᠨ ᠰᠠᠶᠢᠬᠠᠨ ᠣᠶᠣᠨ ᠰᠠᠨᠠᠭᠠᠨ ᠤ ᠳᠦᠷᠰᠦ ᠪᠠᠶᠢᠳᠠᠯ ᠪᠠ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠪᠠᠨ ᠢᠯᠡᠷᠡᠭᠦᠯᠪᠡ᠃ | | | | | ᠬᠤᠷᠠᠯ ᠠᠴᠠ ᠪᠠᠲᠤᠯᠠᠭᠰᠠᠨ ᠡᠯ᠎ᠡ ᠵᠦᠢᠯ ᠤᠨ ᠮᠡᠳᠡᠭᠦᠯᠦᠯᠲᠡ ᠪᠣᠯᠣᠨ ᠰᠢᠢᠳᠪᠦᠷᠢ ᠨᠢ ᠪᠥᠬᠦ ᠲᠥᠯᠥᠭᠡᠯᠡᠭᠴᠢᠳ | ᠤᠨ ᠬᠠᠮᠲᠤ ᠶᠢᠨ ᠣᠶᠤᠨ ᠤᠬᠠᠭᠠᠨ ᠢ ᠨᠢᠭᠲᠠᠷᠠᠭᠤᠯᠵᠤ᠂ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠥᠭᠵᠢᠯᠲᠡ ᠶᠢ | ᠡᠷᠢᠯᠬᠢᠯᠡᠬᠦ ᠴᠢᠩᠭ᠎ᠠ ᠬᠦᠰᠡᠯ ᠢ ᠭᠦᠢᠴᠡᠳ ᠲᠤᠰᠬᠠᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠭᠦᠢᠴᠡᠳ ᠢᠯᠡᠳᠬᠡᠵᠦ᠂ ᠬᠤᠷᠠᠯ ᠤᠨ ᠡᠯ᠎ᠡ | ᠵᠦᠢᠯ ᠤᠨ ᠦᠷ᠎ᠡ ᠪᠦᠲᠦᠭᠡᠯ ᠨᠢ ᠨᠠᠮ ᠤᠨ ᠵᠣᠷᠢᠯᠲᠠ ᠪᠣᠯᠣᠨ ᠠᠷᠠᠳ ᠣᠯᠠᠨ ᠤ ᠬᠦᠰᠡᠯ ᠵᠣᠷᠢᠭ ᠢ ᠭᠦᠢᠴᠡᠳ | ᠢᠯᠡᠷᠡᠭᠦᠯᠵᠡᠢ᠃ ᠶᠡᠭᠡ ᠬᠤᠷᠠᠯ ᠨᠢ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠡᠩ ᠡᠷᠡᠰ | ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠠᠷᠤ ᠬᠤᠷᠴᠢᠨ ᠬᠤᠰᠢᠭᠤᠨ ᠤ ᠨᠡᠩ ᠭᠡᠷᠡᠯ | ᠰᠠᠴᠤᠷᠠᠩᠭᠤᠢ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠤᠭᠴᠠᠯᠠᠬᠤ ᠶᠢ ᠲᠤᠶᠢᠯ ᠤᠨ ᠶᠡᠭᠡ ᠪᠠᠷ ᠤᠷᠮᠠᠰᠢᠭᠤᠯᠤᠨ | ᠵᠣᠷᠢᠭᠵᠢᠭᠤᠯᠬᠤ ᠨᠢ ᠯᠡᠪᠲᠠᠢ ᠭᠡᠪᠡ᠃ | ᠵᠠᠩ ᠬᠤᠩ ᠰᠢᠨ ᠬᠠᠮᠤᠭ ᠰᠡᠬᠦᠯ ᠳᠤ᠂ ︽ᠵᠠᠭᠤᠨ ᠣᠩᠭᠤᠴᠠ ᠰᠢᠷᠦᠭᠦᠨ ᠤᠷᠤᠰᠬᠠᠯ ᠳᠤ ᠰᠡᠯᠢᠭᠦᠶᠡ᠂ | ᠳᠠᠪᠠᠯᠭᠠᠨ ᠢ ᠵᠦᠰᠦᠭᠴᠢ ᠲᠦᠷᠦᠭᠦᠯᠦᠮᠦᠢ᠂ ᠮᠢᠩᠭᠠᠨ ᠳᠠᠷᠪᠠᠭᠤᠯᠲᠤ ᠣᠩᠭᠤᠴᠠ ᠳᠠᠯᠠᠢ ᠳᠤᠷ ᠤᠷᠤᠯᠳᠤᠬᠤᠶᠠ ᠡᠷᠡᠯᠬᠡᠭᠯᠡᠨ | ᠲᠡᠮᠡᠴᠡᠭᠰᠡᠳ ᠢᠯᠠᠯᠲᠠ ᠣᠯᠣᠮᠤᠢ︾ ᠭᠡᠳᠡᠭᠴᠢᠯᠡᠨ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠡᠨ ᠪᠦᠯᠬᠦᠮᠳᠡᠵᠦ᠂ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠵᠣᠷᠢᠭᠲᠠᠢ ᠪᠠᠷ ᠠᠵᠢᠯᠯᠠᠨ᠂ ᠠᠷᠤ ᠬᠤᠷᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠪᠠᠶᠢᠳᠠᠯ ᠢ ᠪᠤᠢ ᠪᠣᠯᠭᠠᠬᠤ ᠳᠤ ᠬᠦᠴᠦᠨ ᠴᠢᠳᠠᠯ ᠢᠶᠠᠨ ᠡᠷᠭᠦᠶ᠎ᠡ ᠭᠡᠵᠡᠢ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠲᠡ ᠳᠠᠭᠤᠤ ᠶᠢᠨ ᠳᠤᠮᠳᠠ ᠲᠡᠭᠦᠰᠪᠡ᠃ ︵ᠬᠠᠮ | ᠵᠠᠭᠤᠴᠢᠯᠠᠭᠤᠷ ᠤᠨ ᠪᠦᠬᠦ ᠰᠣᠷᠪᠤᠯᠵᠢᠯᠠᠭᠴᠢᠳ︶ | | |