ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ | ᠢᠶᠠᠷ᠄ 2024 ᠣᠨ ᠠᠴᠠ ᠨᠠᠭᠠᠰᠢ᠂ ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠳᠤ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠨᠥᠬᠦᠪᠥᠷᠢ ᠪᠡᠯᠡ ᠮᠥᠩᠭᠦ ᠶᠢ 64.1 ᠳ᠋ᠦᠩᠰᠢᠭᠤᠷ ᠲᠥᠭᠦᠷᠢᠭ | ᠪᠠᠭᠤᠯᠭᠠᠵᠤ᠂ ᠠᠳᠠᠯᠢ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠴᠠ ︽ᠤᠮᠠᠷᠠᠲᠤ ᠶᠢᠨ ᠭᠤᠷᠪᠠᠨ ᠣᠷᠣᠨ︾ | ᠤ ᠢᠨᠵᠧᠨᠧᠷᠢᠩ ᠤᠨ ᠨᠥᠬᠦᠪᠥᠷᠢ ᠪᠡᠯᠡ ᠮᠥᠩᠭᠦ ᠪᠠᠭᠤᠯᠭᠠᠭᠰᠠᠨ ᠶᠡᠷᠦᠩᠬᠡᠶ ᠬᠡᠮᠵᠢᠶ᠎ᠡ ᠶᠢᠨ 53.4% ᠶᠢ | ᠡᠵᠡᠯᠡᠪᠡ᠃ ᠣᠶᠢᠯᠠᠭᠠᠭᠰᠠᠨ ᠢᠶᠠᠷ᠂ 2024 ᠣᠨ ᠠᠴᠠ 2030 ᠣᠨ ᠪᠣᠯᠲᠠᠯ᠎ᠠ᠂ ᠮᠠᠨ ᠤ ᠣᠷᠣᠨ ᠵᠢᠯ ᠪᠦᠷᠢ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ 16 ᠳ᠋ᠦᠩᠰᠢᠭᠤᠷ | ᠲᠥᠭᠦᠷᠢᠭ ᠲᠣᠬᠢᠷᠠᠭᠤᠯᠵᠤ᠂ ᠵᠠᠰᠠᠭ ᠤᠨ ᠣᠷᠳᠣᠨ ᠤ ᠣᠨᠴᠠ ᠲᠣᠭᠲᠠᠭᠠᠭᠰᠠᠨ ᠣᠷᠣᠯᠭ᠎ᠠ ᠶᠢ 150 ᠳ᠋ᠦᠩᠰᠢᠭᠤᠷ | ᠲᠥᠭᠦᠷᠢᠭ ᠡᠮᠬᠢᠯᠡᠨ ᠨᠡᠶᠢᠯᠡᠭᠦᠯᠵᠦ᠂ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ | ᠵᠦᠢᠯ ᠤᠨ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠥᠪᠵᠢᠭᠦᠯᠭᠡ ᠪᠠ ᠭᠤᠷᠪᠠᠨ ᠶᠡᠭᠡ ᠪᠡᠯᠭᠡ ᠲᠡᠮᠳᠡᠭ ᠤᠨ | ᠴᠢᠨᠠᠷᠲᠠᠶ ᠳᠠᠶᠢᠯᠠᠯᠳᠤᠭᠠᠨ ︵ᠬᠠᠲᠤᠨ ᠭᠤᠤᠯ ᠤᠨ ︽ᠶᠡᠭᠡ ᠲᠣᠬᠤᠢ︾ ᠶᠢᠨ ᠣᠷᠣᠨ ᠤ ᠪᠣᠭᠤᠮᠲᠠ ᠰᠢᠪᠲᠤᠯᠬᠤ | ᠳᠠᠶᠢᠯᠠᠯᠳᠤᠭᠠᠨ᠂ ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ᠂ | ᠬᠠᠲᠤᠨ ᠭᠤᠤᠯ ᠤᠨ ᠪᠠᠷᠠᠭᠤᠨ ᠬᠤᠩᠭᠢᠯ — ᠳᠠᠺᠯᠢᠮᠠᠺᠠᠨ ᠡᠯᠡᠰᠦᠨ ᠴᠦᠯ ᠤᠨ ᠬᠥᠪᠡᠭᠡᠨ ᠳᠠᠬᠢ ᠬᠤᠷᠢᠭᠯᠠᠨ | ᠴᠣᠬᠢᠬᠤ ᠳᠠᠢᠯᠠᠯᠳᠤᠭᠠᠨ︶ ᠤ ᠬᠡᠪᠴᠢᠶᠡᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ | ᠵᠥᠪᠰᠢᠶᠡᠷᠡᠨ ᠬᠡᠷᠡᠭᠵᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠤᠰᠬᠠᠶ ᠬᠡᠷᠡᠭᠯᠡᠬᠦ ᠪᠠᠷ | ᠲᠥᠯᠥᠪᠯᠡᠪᠡ᠃ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠮᠠᠨ ᠤ ᠣᠷᠣᠨ ᠤ | ᠣᠢ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ | ᠳᠠᠩᠰᠠᠯᠠᠭᠤᠯᠤᠭᠰᠠᠨ ᠬᠥᠷᠥᠩᠬᠡ ᠮᠥᠩᠭᠦ ᠶᠢ 1 ᠳ᠋ᠦᠩᠰᠢᠭᠤᠷ ᠲᠥᠭᠦᠷᠢᠭ ᠰᠠᠯᠭᠠᠨ ᠥᠭᠴᠦ᠂ ᠲᠡᠭᠦᠨ ᠤ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠢ ᠵᠠᠯᠭᠠᠨ ᠠᠪᠬᠤ ᠶᠢ ᠳᠠᠮᠵᠢᠪᠠ᠃ ︵ᠶᠠᠩ ᠸᠧᠶ︶ | |