ᠴᠧᠨ ᠬᠤ᠋ ᠨᠠᠨ ᠪᠥᠬᠦ ᠬᠤᠰᠢᠭᠤᠨ ᠤ ᠳᠥᠷᠪᠡᠳᠦᠭᠡᠷ ᠤᠯᠠᠷᠢᠯ ᠤᠨ ᠠᠶᠤᠯᠭᠦᠢ ᠦᠢᠯᠡᠣᠡᠪᠣᠷᠢᠯᠡᠯ ᠵᠢᠴᠢ ᠨᠠᠮᠤᠷ ᠡᠪᠣᠯ ᠤᠨ ᠤᠯᠠᠷᠢᠯ ᠤᠨ ᠣᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/14
       10 ᠰᠠᠷ᠎ᠠ ᠶᠢᠨ 11 ᠤ ᠡᠳᠤᠷ ᠤᠨ ᠦᠳᠡ ᠶᠢᠨ ᠡᠮᠤᠨ᠎ᠠ᠂ ᠬᠤᠰᠢᠭᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠤᠨ ᠤ ᠳᠠᠷᠤᠭ᠎ᠠ᠂ ᠠᠶᠤᠯᠭᠦᠢ ᠦᠢᠯᠡᠣᠡᠪᠣᠷᠢᠯᠡᠯ ᠤᠨ ᠵᠥᠪᠯᠡᠯ ᠤᠨ ᠡᠷᠬᠢᠯᠡᠭᠴᠢ ᠴᠧᠨ ᠬᠤ᠋ ᠨᠠᠨ ᠪᠥᠬᠦ ᠬᠤᠰᠢᠭᠤᠨ ᠤ ᠲᠥᠷᠪᠡᠳᠦᠭᠡᠷ ᠤᠯᠠᠷᠢᠯ ᠤᠨ ᠠᠶᠤᠯᠭᠦᠢ ᠦᠢᠯᠠᠳᠪᠤᠷᠢᠯᠡᠯ ᠵᠢᠴᠢ ᠨᠠᠮᠤᠷ ᠡᠪᠣᠯ ᠤᠨ ᠤᠯᠠᠷᠢᠯ ᠤᠳ ᠣᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠣᠨᠳᠠᠷᠠᠭᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠥᠬᠦ ᠤᠯᠤᠰ᠂ ᠪᠥᠬᠦ ᠣᠷᠣᠨ᠂ ᠪᠦᠬᠦ ᠬᠤᠲᠠ ᠶᠢᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠮᠠᠨ ᠤ ᠬᠤᠰᠢᠭᠤᠨ ᠤ ᠬᠠᠮᠢᠶ᠎ᠠ ᠪᠦᠬᠦᠢ ᠪᠠᠶᠢᠳᠠᠯ ᠢ ᠵᠠᠷᠯᠠᠨ ᠨᠡᠶᠢᠳᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠵᠠᠢ᠃
       ᠬᠤᠷᠠᠯ ᠳᠡᠭᠡᠷ᠎ᠡ᠂ ᠬᠤᠰᠢᠭᠤᠨ ᠠᠶᠤᠯᠭᠦᠢ ᠦᠢᠯᠡᠳᠪᠤᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠶᠢᠨ ᠳᠠᠷᠤᠭ᠎ᠠ ᠵᠠᠠᠩ ᠯᠢ ᠵᠢᠶᠦ᠋ᠨ ᠲᠡᠭᠡᠲᠤ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠠᠷᠤ ᠬᠤᠷᠴᠢᠨ ᠬᠤᠰᠢᠭᠤᠨ ᠤ ᠣᠢ ᠰᠢᠭᠤᠢ ᠨᠤᠳᠤᠭ ᠪᠡᠯᠴᠢᠭᠡᠷ ᠤᠨ ᠬᠥᠪᠤᠷᠡᠯ ᠤᠨ ᠬᠤᠭᠤᠴᠠᠭᠠᠨ ᠤ ᠭᠠᠯ ᠲᠦᠢᠮᠡᠷ ᠤᠨ ᠪᠠᠶᠢᠳᠠᠯ ᠢ ᠰᠢᠢᠣᠡᠪᠣᠷᠢᠯᠡᠬᠦ ᠠᠷᠭ᠎ᠠ︾ ᠳᠤ ᠲᠠᠶᠢᠯᠤᠮᠵᠢ ᠬᠢᠪᠡ︔ ᠬᠤᠰᠢᠭᠤᠨ ᠵᠠᠰᠠᠭ ᠤᠨ ᠤᠷᠳᠤᠨ ᠤ ᠲᠡᠳ᠋ ᠳᠠᠷᠤᠭ᠎ᠠ᠂ ᠠᠶᠤᠯᠭᠦᠢ ᠦᠢᠯᠡᠳᠪᠤᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠮᠦ ᠭᠦᠸᠧ ᠳ᠋ᠦᠩ ᠪᠦᠬᠦ ᠬᠤᠰᠢᠭᠤᠨ ᠤ ᠣᠢ ᠰᠢᠭᠤᠢ ᠨᠤᠳᠤᠭ ᠪᠠᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠣᠡᠳᠠᠷᠭᠠᠬᠤ ᠠᠵᠢᠯ ᠳᠤ ᠪᠠᠶᠢᠷᠢᠯᠠᠭᠤᠯᠣᠯᠳᠡ ᠬᠢᠪᠠ︔ ᠬᠤᠰᠢᠭᠤᠨ ᠨᠠᠮ ᠤᠨ  ᠬᠤᠷᠢᠶᠠᠨ  ᠤ  ᠪᠠᠶᠢᠩᠭᠤ   ᠶᠢᠨ  ᠭᠡᠰᠢᠭᠦᠨ  ᠂ ᠵᠠᠰᠠᠭ ᠤᠨ ᠤᠷᠳᠤᠨ ᠤ ᠪᠠᠶᠢᠩᠭᠤ ᠶᠢᠨ ᠲᠡᠳ᠋ ᠳᠠᠷᠤᠭ᠎ᠠ᠂ ᠠᠶᠤᠯᠭᠦᠢ ᠦᠢᠯᠡᠳᠪᠤᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠵᠢᠶᠠ ᡁᠢ ᠬᠤᠩ ᠪᠥᠬᠦ ᠬᠤᠰᠢᠭᠤᠨ ᠤ ᠲᠦᠷᠤᠭᠦᠦ ᠭᠤᠷᠪᠠᠨ ᠤᠯᠠᠷᠢᠯ ᠤᠨ ᠠᠶᠤᠯᠭᠦᠢ ᠦᠢᠯᠠᠳᠪᠤᠷᠢᠯᠠᠯ ᠤᠨ ᠪᠠᠶᠢᠳᠠᠯ ᠢ ᠮᠡᠳᠡᠭᠳᠡᠵᠦ᠂ ᠭᠤᠤᠯᠳᠠᠯᠭ᠎ᠠ ᠲᠠᠢ ᠠᠵᠢᠯ ᠲᠦᠷᠤᠯ ᠤᠨ ᠬᠦᠷᠢᠶᠡᠨ ᠳᠠᠬᠢ ᠠᠶᠤᠯᠭᠦᠢ ᠣᠶᠢᠯᠠᠳᠪᠤᠷᠢᠯᠠᠯ ᠤᠨ ᠠᠵᠢᠯ ᠢ ᠪᠠᠶᠢᠷᠢᠯᠠᠭᠤᠯᠵᠠᠢ᠃        ᠴᠧᠨ ᠬᠤ᠋ ᠨᠠᠨ ᠠᠴᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠡᠯ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠪᠠᠲᠤ ᠴᠢᠩᠭ᠎ᠠ ᠱᠠᠭᠠᠷᠳᠠᠯᠭ᠎ᠠ᠂ ᠬᠠᠮᠤᠭ ᠤᠨ ᠯᠠᠪᠳᠠᠭᠤᠨ ᠪᠠᠲᠤᠲᠠᠢ ᠠᠷᠭ᠎ᠠ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠪᠠᠶᠢᠷᠢᠯᠠᠭᠤᠯᠵᠤ᠂ ᠠᠶᠤᠯᠭᠦᠢ ᠬᠥᠭᠵᠢᠯᠲᠠ ᠶᠢᠨ ᠬᠤᠷᠢᠭ᠎ᠠ ᠱᠣᠭᠤᠮ ᠢ ᠪᠠᠲᠤ ᠰᠠᠬᠢᠬᠤ ᠬᠡᠷᠡᠭᠲᠡᠢ᠃ ᠭᠤᠣᠯᠳᠠᠯᠭ᠎ᠠ  ᠲᠠᠢ ᠭᠤᠭᠴᠤᠭ᠎ᠠ ᠳᠤ ᠦᠷᠭᠦᠯᠵᠢᠯᠡᠨ ᠬᠦᠴᠦᠯᠠᠵᠤ᠂ ᠨᠡᠭᠦᠷᠡᠰᠤᠨ ᠤ ᠪᠤᠰᠤ ᠠᠭᠤᠷᠬᠠᠢ᠂ ᠵᠠᠮ ᠬᠠᠷᠢᠯᠴᠠᠭ᠎ᠠ᠂ ᠭᠠᠯ ᠣᠨᠳᠠᠷᠠᠭᠠᠬᠤ ᠠᠮᠤᠷ ᠲᠦᠪᠰᠢᠨ᠂ ᠪᠠᠷᠢᠯᠭ᠎ᠠ ᠶᠢᠨ ᠠᠵᠢᠯ᠂ ᠣᠢ ᠰᠢᠭᠤᠢ ᠨᠤᠳᠤᠭ ᠪᠠᠯᠴᠢᠭᠡᠷ ᠤᠨ ᠭᠠᠯ ᠲᠤᠶᠢᠮᠡᠷ ᠢ ᠰᠠᠷᠭᠡᠶᠢᠯᠡᠨ ᠣᠨᠲᠠᠷᠠᠭᠠᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠣᠡᠬᠤᠵᠣ᠂ ᠠᠮᠤᠷ ᠲᠦᠪᠰᠢᠨ ᠤ ᠭᠡᠮ ᠰᠣᠭᠤᠭ ᠢ ᠦᠷᠭᠦᠯᠵᠢᠯᠠᠨ ᠪᠠᠶᠢᠴᠠᠭᠠᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠳᠡᠯᠡᠵᠤ᠂ ᠦᠨᠳᠦᠰᠤᠨ ᠱᠡᠳᠤᠨ ᠤ ᠴᠢᠳᠡᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠰᠢᠭᠤᠨ ᠤ ᠠᠶᠤᠯᠭᠦᠢ ᠦᠢᠯᠠᠳᠪᠤᠷᠢᠯᠠᠯ ᠤᠨ ᠪᠠᠶᠢᠳᠠᠯ ᠤᠨ ᠦᠷᠭᠦᠯᠵᠢᠯᠠᠨ ᠲᠣᠭᠳᠠᠭᠤᠨ ᠪᠠᠶᠢᠬᠤ ᠶᠢ ᠪᠠᠲᠤᠯᠠᠬᠤ ᠬᠡᠷᠡᠭᠲᠠᠢ᠃ ᠬᠠᠷᠢᠭᠤᠴᠠᠯᠭ᠎ᠠ ᠶᠢ ᠨᠠᠶᠢᠳᠡᠪᠣᠷᠢᠵᠢᠭᠤᠯᠬᠤ ᠲᠠᠯ᠎ᠠ ᠪᠠᠷ ᠳᠠᠷᠤᠯᠲᠠ ᠪᠠ ᠬᠦᠴᠤ ᠨᠡᠮᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠵᠤ ᠬᠠᠮᠳᠤᠪᠠᠷ ᠬᠠᠮᠢᠶᠠᠷᠬᠤ᠂ ᠬᠠᠷᠢᠭᠤᠴᠠᠯᠭ᠎ᠠ ᠠᠯᠳᠠᠪᠠᠯ ᠬᠠᠷᠢᠭᠤᠴᠠᠯᠭ᠎ᠠ ᠨᠡᠬᠡᠮᠵᠢᠯᠠᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠭᠡᠬᠦ︾ ᠱᠠᠭᠠᠷᠳᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠵᠤ᠂ ᠭᠤᠨ᠋ᠡᠴᠤᠭ᠎ᠠ ᠨᠢᠭᠡᠪᠦᠷᠢ᠂ ᠶᠠᠪᠤᠴᠡ ᠨᠢᠭᠡᠪᠦᠷᠢ ᠳᠤ ᠴᠥᠮ ᠬᠠᠷᠢᠭᠤᠴᠠᠯᠭ᠎ᠠ ᠶᠢ ᠬᠦᠮᠤᠨ ᠳᠤ  ᠨᠠᠶᠢᠳᠠᠪᠤᠷᠢᠵᠢᠭᠤᠯᠬᠤ᠂ ᠪᠤᠳᠠᠲᠠᠢ ᠨᠡᠶᠢᠳᠠᠪᠤᠷᠢᠵᠢᠭᠤᠯᠬᠤ ᠶᠢ ᠪᠠᠲᠤᠯᠠᠵᠤ᠂ ᠲᠣᠰ ᠭᠠᠵᠠᠷ ᠤᠷᠣᠨ᠂ ᠲᠣᠰ ᠠᠵᠢᠯ ᠲᠦᠷᠤᠯ᠂ ᠲᠣᠰ ᠠᠵᠤ ᠠᠬᠤᠶᠢᠯᠠᠯ ᠤᠨ ᠠᠶᠤᠯᠭᠦᠢ ᠦᠢᠯᠡᠳᠪᠤᠷᠢᠯᠡᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠬᠦᠴᠦᠲᠡᠢ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠡᠵᠡᠢ᠃        ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠵᠢᠴᠢ ᠬᠤᠰᠢᠭᠤᠨ ᠠᠶᠤᠯᠭᠦᠢ ᠦᠢᠯᠡᠣᠡᠪᠣᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠳᠠᠨ᠂ ᠬᠠᠮᠢᠶ᠎ᠠ ᠪᠦᠬᠦᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠤᠯᠴᠠᠵᠠᠢ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号