ᠠᠷᠤ ᠬᠤᠷᠴᠢᠨ ᠬᠤᠰᠢᠭᠤᠨ ᠤ ︽ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ︾ ᠶᠢᠨ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/10/15
     2024 ᠣᠨ ᠤ 5 ᠰᠠᠷ᠎ᠠ ᠶᠢᠨ 20 ᠤ ᠡᠳᠦᠷ ᠠᠷᠤ ᠬᠤᠷᠴᠢᠨ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠭᠠᠵᠠᠷ ᠤᠨ ᠪᠠᠶᠢᠴᠠᠭᠠᠯᠲᠠ ᠶᠢᠨ ᠠᠵᠢᠯ ᠪᠥᠬᠦ ᠲᠠᠯ᠎ᠠ ᠪᠠᠷ ᠡᠬᠢᠯᠡᠭᠰᠡᠨ ᠠᠴᠠ ᠨᠠᠭᠠᠰᠢ᠂ ᠠᠷᠤ ᠬᠤᠷᠴᠢᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠰᠢᠯᠢᠳᠡᠭ ᠡᠩᠨᠡᠭᠡ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠲᠥᠰᠦᠯ ᠢ ᠴᠢᠩᠭ᠎ᠠ ᠵᠢᠷᠤᠮᠯᠠᠨ᠂ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠪᠥᠬᠦ ᠬᠤᠰᠢᠭᠤᠨ ᠤ ᠰᠢᠯᠵᠢᠭᠦᠯᠵᠦ ᠦᠯᠦ ᠪᠣᠯᠬᠤ ᠲᠡᠦᠬᠡ ᠶᠢᠨ ᠳᠤᠷᠠᠰᠬᠠᠯᠲᠤ ᠵᠦᠢᠯᠡᠰ ᠢ ᠪᠥᠬᠦ ᠲᠠᠯ᠎ᠠ ᠪᠠᠷ ᠨᠠᠷᠢᠨ ᠨᠢᠮᠪᠠᠶ ᠳᠠᠬᠢᠨ ᠪᠠᠶᠢᠴᠠᠭᠠᠬᠤ ᠪᠠ ᠳᠡᠩᠰᠡᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠳᠠᠯ ᠢ ᠲᠣᠳᠣᠷᠬᠠᠶ ᠣᠶᠢᠯᠠᠭᠠᠵᠤ᠂ ᠲᠡᠦᠬᠡ ᠶᠢᠨ ᠤᠯᠠ ᠮᠦᠷ ᠢ ᠬᠠᠮᠠᠭᠠᠯᠠᠬᠤ ᠪᠠᠷ ᠴᠢᠷᠮᠠᠶᠢᠪᠠ᠃ 9 ᠰᠠᠷ᠎ᠠ ᠶᠢᠨ 27 ᠤ ᠡᠳᠦᠷ ᠪᠣᠯᠲᠠᠯ᠎ᠠ᠂ 358 ᠪᠠᠭᠤᠷᠢ ᠶᠢ ᠳᠠᠬᠢᠨ ᠬᠢᠨᠠᠵᠤ᠂ 17 ᠲᠡᠦᠬᠡ ᠶᠢᠨ ᠳᠤᠷᠠᠰᠬᠠᠯᠲᠤ ᠵᠦᠢᠯᠡᠰ ᠢ ᠰᠢᠨ᠎ᠡ ᠪᠠᠷ ᠳᠡᠩᠰᠡᠯᠡᠪᠡ᠃ ᠡᠯ᠎ᠡ ᠰᠤᠮᠤ ᠰᠢᠶᠠᠩ ᠪᠠᠯᠭᠠᠰᠤ ᠶᠢᠨ ᠬᠦᠴᠦᠲᠡᠢ ᠬᠠᠪᠰᠤᠷᠤᠯᠭ᠎ᠠ ᠳᠡᠮᠵᠢᠯᠭᠡ ᠶᠢᠨ ᠳᠣᠣᠷ᠎ᠠ ᠨᠡᠶᠢᠳᠡᠮ ᠪᠠᠶᠢᠴᠠᠭᠠᠯᠲᠠ ᠶᠢᠨ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃      ᠪᠣᠳᠠᠲᠠᠶ ᠪᠠᠶᠢᠴᠠᠭᠠᠯᠲᠠ ᠨᠢᠭᠡᠨᠲᠡ 4 ᠰᠠᠷ᠎ᠠ ᠭᠠᠷᠤᠶ ᠪᠣᠯᠵᠤ᠂ ᠨᠡᠶᠢᠳᠡᠮ ᠪᠠᠶᠢᠴᠠᠭᠠᠯᠲᠠ ᠶᠢᠨ ᠠᠩᠭᠢ ᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠨᠢᠭᠡᠪᠦᠷᠢ ᠳᠤ ᠭᠦᠨᠵᠡᠭᠡᠶ ᠪᠥᠭᠡᠳ ᠨᠠᠷᠢᠨ ᠨᠢᠮᠪᠠᠶ ᠲᠤᠬᠠᠶ ᠶᠢᠨ ᠭᠠᠵᠠᠷ ᠤᠨ ᠰᠢᠨᠵᠢᠯᠡᠭᠡ ᠬᠢᠵᠦ᠂ ᠮᠡᠳᠡᠭᠡ ᠵᠠᠩᠭᠢ ᠶᠢ ᠳᠠᠬᠢᠨ ᠬᠢᠨᠠᠬᠤ ᠪᠠ ᠵᠠᠩᠭᠢᠯᠠᠭ᠎ᠠ ᠶᠢᠨ ᠲᠤᠭ᠎ᠠ ᠪᠠᠷᠢᠮᠲᠠ ᠶᠢ ᠨᠥᠬᠦᠪᠥᠷᠢᠯᠡᠨ ᠲᠡᠭᠦᠯᠳᠡᠷᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠴᠠᠭ ᠮᠥᠴᠡ ᠲᠠᠢ ᠤᠷᠤᠯᠳᠤᠨ ᠠᠬᠢᠭᠤᠯᠵᠤ᠂ ︽ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠪᠠ᠃      ᠳᠠᠷᠠᠭᠠᠴᠢ ᠪᠠᠷ ᠨᠡᠩ ᠥᠷᠭᠡᠨ ᠠᠭᠤᠳᠠᠮ ᠣᠷᠣᠨ ᠪᠦᠰᠡ᠂ ᠨᠡᠩ ᠤᠯᠠᠨ ᠢᠯᠡᠷᠡᠭᠦᠯᠦᠭᠡᠳᠤᠢ ᠲᠡᠦᠬᠡ ᠶᠢᠨ ᠳᠤᠷᠠᠰᠬᠠᠯᠲᠤ ᠵᠦᠢᠯᠡᠰ ᠨᠡᠶᠢᠳᠡᠮ ᠪᠠᠶᠢᠴᠠᠭᠠᠬᠤ ᠠᠩᠬᠢ ᠶᠢᠨ ᠢᠯᠡᠷᠡᠭᠦᠯᠬᠦ ᠶᠢ ᠬᠦᠯᠢᠶᠡᠵᠦ ᠪᠣᠢ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠥᠩᠭᠡᠷᠡᠭᠡᠳ ᠨᠢᠭᠡᠨᠲᠡ 17 ᠵᠢᠯ ᠪᠣᠯᠵᠤ᠂ ᠥᠷᠭᠡᠨ ᠠᠭᠤᠳᠠᠮ ᠬᠥᠳᠡᠭᠡ ᠬᠡᠭᠡᠷ᠎ᠡ ᠲᠠᠷᠬᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ︵ᠪᠠᠭᠤᠷᠢ︶ ᠤᠨ ᠵᠠᠷᠢᠮ ᠢ ᠨᠢ ᠲᠤᠬᠠᠶ ᠶᠢᠨ ᠦᠶ᠎ᠡ ᠶᠢᠨ ᠨᠥᠬᠦᠴᠡᠯ ᠤᠨ ᠬᠢᠵᠠᠭᠠᠷᠯᠠᠯ ᠠᠴᠠ ᠪᠣᠯᠵᠤ ᠣᠯᠵᠤ ᠢᠯᠡᠷᠡᠭᠦᠯᠦᠭᠰᠡᠨ ᠦᠭᠡᠶ ᠶᠢᠨ ᠳᠡᠭᠡᠷ᠎ᠡ ᠠᠵᠤ ᠠᠬᠤᠶ ᠲᠦᠷᠭᠡᠨ ᠬᠥᠭᠵᠢᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠰᠢᠨᠡᠳᠴᠦ᠂ ᠰᠢᠯᠵᠢᠭᠦᠯᠵᠦ ᠦᠯᠦ ᠪᠣᠯᠬᠤ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠪᠠᠶᠢᠳᠠᠯ ᠳᠤ ᠨᠡᠯᠢᠶᠡᠳ ᠶᠡᠭᠡ ᠬᠤᠪᠢᠷᠠᠯᠲᠠ ᠭᠠᠷᠴᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠰᠲ᠋ᠧᠮᠲᠦ ᠴᠢᠨᠠᠷᠲᠠᠶ ᠬᠠᠮᠠᠭᠠᠯᠠᠯᠲᠠ ᠳᠤ ᠰᠢᠨ᠎ᠡ ᠥᠷᠢᠰᠥᠯᠳᠦᠭᠡᠨ᠂ ᠰᠢᠨ᠎ᠡ ᠱᠠᠭᠠᠷᠳᠠᠯᠭ᠎ᠠ ᠲᠤᠯᠭᠠᠷᠠᠭᠰᠠᠨ ᠪᠠᠶᠢᠨ᠎ᠠ᠃ ᠬᠠᠮᠠᠭᠠᠯᠠᠯᠲᠠ ᠶᠢ ᠥᠷᠨᠢᠭᠦᠯᠬᠦ ᠳᠤ ᠡᠷᠬᠡᠪᠰᠢ ᠡᠳ᠋ ᠬᠤᠭᠰᠢᠯ ᠢ ᠲᠣᠳᠣᠷᠬᠠᠶ      ᠣᠶᠢᠯᠠᠭᠠᠵᠤ᠂ ᠪᠣᠳᠠᠲᠤ ᠪᠠᠶᠢᠳᠠᠯ ᠢ ᠡᠵᠡᠮᠰᠢᠬᠦ ᠬᠡᠷᠡᠭᠲᠡᠶ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠠ ᠲᠣᠬᠢᠶᠠᠯ ᠢ ᠠᠰᠢᠭᠯᠠᠵᠤ᠂ ᠨᠡᠶᠢᠳᠡᠮ ᠪᠠᠶᠢᠴᠠᠭᠠᠯᠲᠠ ᠶᠢᠨ ᠠᠩᠬᠢ ᠶᠢᠨ ᠬᠢᠨ ᠲᠡᠦᠬᠡ ᠶᠢᠨ ᠤᠬᠠᠮᠰᠠᠷ ᠢᠶᠠᠨ ᠴᠢᠩᠭᠠᠳᠬᠠᠬᠤ᠂ ᠰᠣᠶᠣᠯ ᠤᠨ ᠢᠲᠡᠭᠡᠯ ᠢᠶᠠᠨ ᠪᠠᠲᠤᠳᠬᠠᠬᠤ ᠬᠠᠷᠢᠭᠤᠴᠠᠯᠭ᠎ᠠ ᠡᠭᠦᠷᠭᠡᠯᠡᠯ ᠢᠶᠠᠨ ᠡᠭᠦᠷᠭᠡᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠰᠣᠶᠣᠯ ᠤᠨ ᠴᠡᠴᠡᠭᠯᠡᠯ᠂ ᠪᠣᠯᠪᠠᠰᠤᠨ ᠤ ᠤᠯᠠᠮᠵᠢᠯᠠᠯ ᠢ ᠨᠢᠭᠡ ᠴᠣᠭᠴᠠᠵᠢᠭᠤᠯᠤᠨ ᠠᠬᠢᠭᠤᠯᠵᠤ᠂ ᠬᠤᠶᠢᠰᠢᠳᠠ ᠳᠤᠮᠳᠠᠳᠤ ᠶᠢᠨ ᠰᠣᠶᠣᠯ ᠢ ᠭᠦᠨᠵᠡᠭᠡᠢ ᠰᠠᠶᠢᠲᠤᠷ ᠰᠤᠳᠤᠯᠵᠤ᠂ ᠰᠠᠶᠢᠲᠤᠷ ᠣᠶᠢᠯᠠᠭᠠᠨ᠂ ᠰᠠᠶᠢᠲᠤᠷ ᠲᠠᠶᠢᠯᠪᠤᠷᠢᠯᠠᠵᠤ᠂ ᠲᠡᠦᠬᠡ ᠶᠢᠨ ᠦᠨ᠎ᠡ ᠦᠷᠳᠡᠭ ᠢ ᠪᠠᠳᠠᠷᠠᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃︵ᠤᠯᠠᠭᠠᠨᠬᠠᠳᠠ ᠶᠢᠨ ᠡᠳᠦᠷ ᠤᠨ ᠰᠣᠨᠢᠨ ᠤ ᠬᠤᠷᠢᠶ᠎ᠠ ︶
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号