10 ᠰᠠᠷ᠎ᠠ ᠶᠢᠨ 12 ᠤᠨ ᠡᠳᠤᠷ᠂ ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠪᠥᠬᠦ | ᠬᠤᠰᠢᠭᠤᠨ ᠤ ᠰᠢᠨ᠎ᠡ ᠡᠨᠧᠷᠬᠢ ᠶᠢᠨ ᠠᠵᠤ ᠣᠶᠢᠯᠡᠰ ᠤᠨ ᠬᠥᠭᠵᠢᠯᠲᠡ ᠶᠢᠨ ᠪᠠᠶᠢᠳᠠᠯ ᠤᠨ ᠪᠠᠶᠢᠴᠠᠭᠠᠯᠲᠠ ᠶᠢᠨ | ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠ ᡁᠢ ᠬᠤᠩ᠂ ᠬᠤᠰᠢᠭᠤᠨ ᠠᠷᠠᠳ ᠤᠨ ᠲᠦᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠴᠢᠨ ᠶᠤᠸᠠᠢ ᠭᠦᠸᠧ᠂ ᠭᠡᠰᠡᠭ ᠪᠦᠯᠤᠭ᠌ | ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠠᠷᠠᠳ ᠤᠨ | ᠲᠦᠯᠥᠭᠡᠯᠡᠭᠴᠢᠳ ᠤᠨ ᠶᠡᠭᠡ ᠬᠤᠷᠠᠯ ᠤᠨ ᠲᠦᠯᠥᠭᠡᠯᠡᠭᠴᠢ ᠵᠢᠴᠢ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠳᠠᠨ ᠨᠥᠬᠦᠳ ᠶᠠᠷᠢᠯᠴᠠᠬᠤ ᠬᠤᠷᠠᠯ ᠳᠤ | ᠣᠷᠤᠯᠴᠠᠪᠠ᠃ | | | | ᠪᠠᠶᠢᠴᠠᠭᠠᠯᠲᠠ ᠶᠢᠨ ᠲᠤᠭᠤᠶᠢᠯᠠᠩ ᠠᠴᠠ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠬᠠᠷᠢᠭᠤ | ᠮᠡᠳᠡᠭᠦᠯᠤᠯᠲᠠ ᠰᠣᠨᠣᠰᠬᠤ ᠵᠡᠷᠭᠡ ᠬᠡᠯᠪᠡᠷᠢ ᠪᠠᠷ ᠲᠠᠮᠵᠢᠭᠤᠯᠤᠨ ᠰᠢᠨ᠎ᠡ ᠡᠨᠧᠷᠬᠢ ᠶᠢᠨ ᠠᠵᠤ ᠦᠢᠯᠠᠰ ᠤᠨ | ᠦᠡᠳᠣᠰᠣᠨ ᠪᠠᠶᠢᠳᠠᠯ᠂ ᠲᠦᠷᠣᠯ ᠵᠦᠢᠯ ᠤᠨ ᠪᠦᠳᠣᠭᠡᠨ ᠪᠠᠶᠢᠭᠤᠯᠤᠯᠲᠠ ᠶᠢᠨ ᠪᠠᠶᠢᠳᠡᠯ᠂ ᠬᠥᠭᠵᠢᠯᠲᠠ ᠶᠢᠨ ᠳᠤᠮᠳᠠ | ᠤᠷᠤᠰᠢᠵᠤ ᠪᠠᠶᠢᠭ᠎ᠠ ᠭᠤᠣᠯ ᠠᠰᠠᠭᠤᠳᠠᠯ ᠪᠣᠯᠣᠨ ᠬᠦᠴᠢᠷᠳᠡᠯ ᠵᠢᠴᠢ ᠰᠠᠨᠠᠯ ᠰᠠᠨᠠᠭᠤᠯᠭ᠎ᠠ᠂ ᠰᠢᠨ᠎ᠡ ᠡᠨᠧᠷᠬᠢ ᠶᠢᠨ | ᠠᠵᠤ ᠠᠬᠤᠶᠢᠯᠡᠯ ᠤᠨ ᠦᠢᠯᠡᠳᠪᠤᠷᠢᠯᠡᠯ ᠡᠵᠡᠩᠨᠠᠯᠲᠠ ᠶᠢᠨ ᠪᠠᠶᠢᠳᠠᠯ ᠵᠡᠷᠭᠡ ᠲᠠᠯ᠎ᠠ ᠪᠠᠷ ᠨᠠᠷᠢᠨ ᠣᠶᠢᠯᠠᠭᠠᠪᠠ᠃ | | | | ᠶᠠᠷᠢᠯᠴᠠᠬᠤ ᠬᠤᠷᠠᠯ ᠳᠡᠭᠡᠷ᠎ᠡ᠂ ᠪᠥᠬᠦ ᠬᠤᠰᠢᠭᠤᠨ ᠤ ᠰᠢᠨ᠎ᠡ ᠡᠨᠧᠷᠬᠢ ᠶᠢᠨ ᠠᠵᠤ ᠦᠢᠯᠡᠰ ᠤᠨ | ᠬᠦᠭᠵᠢᠯᠲᠠ ᠶᠢᠨ ᠪᠠᠶᠢᠳᠠᠯ ᠤᠨ ᠲᠤᠬᠠᠢ ᠬᠤᠰᠢᠭᠤᠨ ᠠᠷᠠᠳ ᠤᠨ ᠵᠠᠰᠠᠭ ᠤᠨ ᠣᠷᠳᠤᠨ ᠤ ᠬᠠᠷᠢᠭᠤ | ᠮᠡᠳᠡᠭᠦᠯᠤᠯᠲᠠ ᠶᠢ ᠰᠣᠨᠣᠰᠴᠤ᠂ ᠬᠤᠷᠠᠯ ᠳᠤ ᠣᠷᠤᠯᠴᠠᠭᠰᠠᠳ ᠰᠠᠨᠠᠯ ᠢᠶᠠᠨ ᠭᠦᠨᠵᠡᠭᠡᠢ ᠰᠤᠯᠢᠯᠴᠠᠪᠠ᠃ | | | | ᠴᠢᠨ ᠶᠤᠸᠠᠢ ᠭᠦᠸᠧ ᠴᠢᠬᠤᠯᠠᠴᠢᠯᠠᠬᠤ ᠳᠤ ᠪᠠᠨ᠂ ᠠᠷᠤ ᠬᠤᠷᠴᠢᠨ ᠬᠤᠰᠢᠭᠤᠨ ᠳᠤ ᠳᠠᠬᠢᠨ ᠰᠡᠷᠭᠦᠭᠡᠭᠳᠡᠬᠦ | ᠡᠨᠧᠷᠬᠢ ᠶᠢᠨ ᠰᠣᠷᠪᠤᠯᠵᠢ ᠡᠯᠪᠡᠭ ᠳᠡᠯᠪᠡᠭ ᠪᠠᠶᠢᠵᠤ᠂ ᠬᠡᠷᠡᠯ ᠤᠨ ᠡᠨᠧᠷᠬᠢ ᠶᠢᠨ ᠬᠠᠲᠠᠭᠠᠯᠠᠭᠳᠠᠴᠠ ᠶᠡᠭᠡ᠂ ᠴᠠᠬᠢᠯᠭᠠᠨ | ᠬᠦᠴᠦᠨ ᠢ ᠭᠠᠳ᠋ᠬᠠᠰᠢ ᠬᠦᠷᠭᠡᠬᠦ ᠬᠡᠷᠡᠭᠴᠡᠭᠡ ᠱᠠᠭᠠᠷᠳᠠᠯᠭ᠎ᠠ ᠶᠢᠨ ᠬᠡᠪᠴᠢᠶ᠎ᠠ ᠨᠡᠯᠢᠶᠡᠳ ᠶᠡᠭᠡ ᠪᠣᠯᠣᠨ᠎ᠠ᠃ ᠤᠯᠠᠨ | ᠬᠡᠯᠬᠢᠶᠡᠨ ᠤ ᠤᠷᠳᠤᠳᠬᠠᠯ ᠠᠵᠤ ᠦᠢᠯᠡᠰ ᠢ ᠲᠦᠷᠭᠡᠣᠡᠭᠡᠵᠤ᠂ ᠰᠠᠯᠬᠢ ᠬᠡᠷᠡᠯ ᠢᠯᠴᠢ ᠴᠠᠬᠢᠯᠭᠠᠨ ᠤ ᠡᠨᠧᠷᠬᠢ ᠶᠢ | ᠬᠠᠮᠳᠤᠪᠠᠷ ᠬᠠᠮᠵᠢᠯᠴᠠᠭᠤᠯᠵᠤ᠂ ᠴᠠᠬᠢᠯᠭᠠᠨ ᠲᠣᠣᠷ ᠤᠨ ᠲᠣᠭᠲᠠᠭᠤᠨ ᠢᠶᠠᠷ ᠴᠠᠭᠢᠯᠭᠠᠨ ᠬᠠᠩᠭᠠᠬᠤ ᠶᠢ ᠪᠠᠲᠤᠯᠠᠵᠤ᠂ | ᠰᠠᠯᠬᠢᠨ ᠬᠦᠴᠦᠨ ᠤ ᠴᠠᠬᠢᠯᠭᠠᠨ ᠢᠶᠠᠷ ᠤᠰᠤᠳᠦ᠋ᠷᠦᠭᠴᠢ ᠡᠭᠦᠰᠭᠡᠬᠦ᠂ ᠪᠣᠬᠢᠷᠳᠤᠯ ᠦᠭᠡᠢ ᠮᠧᠲ᠋ᠢᠯ ᠠᠯᠺᠤᠤᠯ ᠵᠡᠷᠭᠡ | ᠤᠷᠳᠤᠳᠬᠠᠯ ᠠᠵᠤ ᠦᠢᠯᠡᠰ ᠢ ᠨᠡᠭᠡᠭᠡᠨ ᠬᠥᠭᠵᠢᠭᠦᠯᠬᠦ ᠬᠡᠷᠡᠭᠲᠡᠢ︔ ᠲᠣᠣᠷ ᠲᠤ ᠤᠷᠤᠭᠤᠯᠤᠨ ᠨᠡᠶᠢᠯᠡᠭᠦᠯᠤᠨ | ᠨᠦᠭᠡᠴᠡᠯᠡᠬᠦ ᠶᠢ ᠲᠦᠷᠭᠡᠣᠡᠭᠡᠨ ᠪᠠᠶᠢᠭᠤᠯᠵᠤ᠂ 500w ᠣᠷᠣᠰᠬᠠᠯ ᠬᠤᠷᠠᠮᠳᠤᠭᠤᠯᠤᠯ ᠤᠨ ᠥᠷᠳᠡᠭᠡ ᠶᠢ | ᠢᠳᠡᠪᠬᠢᠲᠠᠢ ᠪᠠᠶᠢᠭᠤᠯᠵᠤ᠂ ︽ᠴᠠᠬᠢᠯᠭᠠᠨ ᠢ ᠬᠠᠶᠠᠬᠤ︾ ᠠᠰᠠᠭᠤᠳᠠᠯ ᠢ ᠵᠣᠬᠢᠰᠲᠠᠢ ᠰᠢᠢᠣᠡᠪᠣᠷᠢᠯᠡᠬᠦ ᠬᠡᠷᠡᠭᠲᠡᠢ︔ | ᠵᠠᠰᠠᠭ ᠤᠨ ᠤᠷᠳᠤᠨ ᠠᠴᠠ ᠠᠵᠤ ᠠᠬᠤᠶᠢᠯᠠᠯ ᠤᠨ ᠲᠦᠷᠤᠯ ᠵᠦᠢᠯ ᠤᠨ ᠪᠦᠳᠣᠭᠡᠨ ᠪᠠᠶᠢᠭᠤᠯᠤᠯᠲᠠ ᠶᠢᠨ ᠲᠡᠭᠡᠳᠤ | ᠲᠣᠣᠷᠠᠲᠤ ᠣᠷᠣᠰᠬᠠᠯ ᠢ ᠵᠣᠬᠢᠴᠠᠭᠤᠯᠤᠨ ᠵᠡᠷᠭᠡᠪᠡᠷ ᠶᠠᠪᠤᠭᠳᠠᠭᠤᠯᠵᠤ᠂ ᠡᠬᠢ ᠪᠠᠶᠡᠯᠢᠭ᠋ ᠢ ᠭᠦᠢᠴᠡᠳ ᠠᠰᠢᠡᠡᠯᠠᠬᠤ | ᠬᠡᠷᠡᠭᠲᠡᠢ︔ ᠣᠯᠠᠨ ᠠᠵᠤ ᠣᠶᠢᠯᠡᠰ ᠤᠨ ᠬᠠᠮᠵᠢᠯᠴᠠᠨ ᠬᠥᠭᠵᠢᠬᠦ ᠶᠢ ᠪᠥᠬᠦ ᠬᠦᠴᠣᠨ ᠢᠶᠠᠷ ᠢᠶᠠᠨ ᠠᠬᠢᠭᠤᠯᠵᠤ᠂ | ᠴᠢᠯᠠᠭᠤᠨ ᠲᠣᠰᠤᠨ ᠤ ᠠᠭᠤᠷᠬᠠᠢ ᠵᠢᠴᠢ ᠪᠤᠰᠤᠳ ᠠᠭᠤᠷᠬᠠᠢ ᠶᠢᠨ ᠭᠠᠷᠤᠯᠲᠠ ᠶᠢᠨ ᠨᠡᠬᠡᠭᠡᠨ ᠠᠰᠢᠭᠯᠠᠯᠲᠠ ᠶᠢᠨ | ᠰᠠᠯᠬᠢ ᠢᠯᠴᠢ ᠶᠢᠨ ᠴᠡᠪᠡᠷ ᠴᠠᠬᠢᠯᠭᠠᠨ ᠢ ᠨᠡᠬᠡᠭᠡᠨ ᠠᠰᠢᠭᠯᠠᠵᠤ᠂ ᠴᠠᠬᠢᠯᠭᠠᠨ ᠤ ᠲᠣᠣᠷ ᠤᠨ ᠮᠦᠩᠭᠦᠨ ᠭᠦᠢᠯᠭᠡᠭᠡᠨ ᠤ | ᠲᠠᠮᠵᠢᠯᠭᠡ᠂ ᠠᠵᠤ ᠠᠬᠤᠢ ᠶᠢᠨ ᠲᠦᠷᠣ ᠶᠢᠨ ᠪᠣᠳᠣᠯᠭ᠎ᠠ ᠶᠢᠨ ᠬᠡᠯᠪᠡᠶᠢᠯᠲᠡ ᠶᠢ ᠨᠡᠮᠡᠭᠳᠡᠭᠦᠯᠵᠦ᠂ ᠲᠠᠬᠢᠨ ᠰᠡᠷᠭᠦᠭᠡᠭᠳᠡᠬᠦ | ᠡᠨᠧᠷᠬᠢ ᠶᠢᠨ ᠰᠤᠷᠪᠤᠯᠵᠢ ᠶᠢᠨ ᠠᠵᠢᠯ ᠲᠦᠷᠤᠯ ᠲᠡᠰᠢ ᠬᠦᠭᠵᠢᠭᠦᠯᠵᠤ᠂ ᠡᠨᠧᠷᠬᠢ ᠶᠢᠨ ᠰᠣᠷᠪᠤᠯᠵᠢ ᠶᠢᠨ ᠶᠡᠭᠡ | ᠬᠠᠨᠳᠤᠰᠢ ᠶᠢ ᠪᠣᠢ ᠪᠣᠯᠭᠠᠵᠤ᠂ ᠠᠷᠤ ᠬᠤᠷᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠷᠬᠡᠭ ᠶᠡᠭᠡ ᠲᠦᠰᠢᠭ ᠲᠤᠯᠭᠠᠭᠤᠷᠢ ᠶᠢ ᠨᠡᠩ ᠰᠠᠶᠢᠨ ᠬᠠᠩᠭᠠᠬᠤ ᠬᠡᠷᠡᠭᠲᠡᠢ ᠭᠡᠪᠡ᠃ ︵ | ᠤᠷᠭᠤᠮᠠᠯ᠂ ᠪᠠᠢ ᡁᠢ ᠶᠦᠩ︶ |