ᠬᠠᠨᠰᠦ᠋ᠮ᠎ᠡ ᠰᠤᠮᠤ ᠤᠰᠤ ᠪᠤᠷᠳᠤᠭᠤᠷ ᠢ ᠨᠢᠭᠡ ᠴᠤᠭᠴᠠᠵᠢᠭᠤᠯᠤᠭᠰᠠᠨ ᠨᠢᠡᠡᠳᠠ ᠲᠠᠷᠢᠬᠤ ︽ᠦᠨᠳᠤᠷ ᠣᠨᠠᠯᠳᠠᠳᠤ︾ ᠮᠡᠷᠭᠡᠵᠢᠯ ᠢ ᠲᠤᠷᠰᠢᠨ ᠬᠡᠷᠡᠭᠯᠡᠭᠡᠳ ᠡᠯᠪᠡᠭ ᠬᠤᠷᠢᠶᠠᠯᠲᠠ ᠣᠯᠵᠠᠢ
ᠨᠡᠶᠢᠲᠡᠯᠡᠭᠰᠡᠨ ᠴᠠᠭ᠄
2024/10/16
       ᠬᠠᠨᠰᠦ᠋ᠮ᠎ᠡ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠡᠪᠡᠰᠦ ᠪᠤᠷᠲᠤᠭ᠎ᠠ ᠶᠢᠨ ᠭᠠᠷᠤᠯᠲᠠ ᠶᠢ ᠳᠡᠭᠡᠭᠰᠢᠯᠡᠭᠦᠯᠬᠦ᠂ ᠮᠠᠯᠴᠢᠨ ᠲᠠᠷᠢᠶᠠᠴᠢᠨ ᠤ ᠥᠪᠡᠷ ᠤᠨ ᠦᠷᠳᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠪᠠᠷ ᠠᠵᠢᠯ ᠤᠨ ᠭᠠᠷᠳᠠᠴᠠ ᠪᠣᠯᠭᠠᠬᠤ ᠶᠢ ᠪᠠᠷᠢᠮᠳᠠᠯᠠᠵᠤ᠂ ︽ᠨᠠᠮ ᠤᠨ ᠬᠤᠷᠢᠶ᠎ᠠ ᠵᠠᠰᠠᠭ ᠤᠨ ᠤᠷᠳᠤᠨ ᠲᠦᠷᠦᠭᠦᠯᠡᠬᠦ + ᠭᠠᠴᠠᠭᠠᠨ ᠤ ᠨᠠᠮ ᠤᠨ ᠡᠭᠦᠷ ᠨᠠᠶᠢᠲᠠᠪᠤᠷᠢᠵᠢᠭᠤᠯᠬᠤ + ᠠᠵᠤ ᠠᠬᠤᠶᠢᠯᠠᠯ ᠲᠠᠷᠢᠶᠠᠴᠢᠨ ᠡᠷᠦᠭᠡ ᠬᠠᠮᠳᠤᠷᠠᠯᠴᠠᠬᠤ︾ ᠵᠬᠠᠪᠣᠷ ᠢ ᠰᠦᠪᠡᠭᠴᠢᠯᠡᠵᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠤᠭᠰᠠᠨ ᠨᠢᠡᠡᠳᠠ ᠲᠠᠷᠢᠬᠤ ︽ᠦᠨᠳᠤᠷ ᠤᠨᠠᠯᠳᠠᠲᠤ︾ ᠮᠡᠷᠭᠡᠵᠢᠯ ᠢ ᠤᠷᠣᠭᠤᠯᠤᠨ ᠠᠪᠴᠢᠷᠠᠬᠤ ᠪᠠᠷ ᠲᠠᠮᠵᠢᠭᠤᠯᠵᠤ᠂ ᠲᠤᠷᠰᠢᠯᠲᠠ  ᠶᠢᠨ ᠲᠠᠷᠢᠶᠠᠨ ᠤ ᠤᠨᠠᠯᠲᠠ ᠶᠢᠨ ᠭᠡᠮᠵᠢᠶ᠎ᠡ ᠵᠢᠱᠢᠭᠰᠡᠨ ᠬᠠᠷᠠᠯᠲᠠ ᠳᠠᠭᠠᠨ ᠬᠦᠷᠴᠦ᠂ ᠲᠣᠭᠳᠠᠭᠰᠠᠨ ᠬᠤᠭᠤᠴᠠᠭᠠᠨ  ᠳᠠᠭᠠᠨ ᠦᠷ᠎ᠡ ᠪᠦᠳᠣᠮᠵᠢ ᠣᠯᠵᠠᠢ᠃ 10 ᠰᠠᠷ᠎ᠠ ᠶᠢᠨ 14 ᠤ ᠡᠳᠤᠷ᠂ ᠬᠠᠨᠰᠦ᠋ᠮ᠎ᠡ ᠰᠤᠮᠤ ᠶᠢᠨ ᠬᠢᠨ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠥᠬᠦ ᠺᠠᠳ᠋ᠷ ᠠᠵᠢᠯᠲᠡᠨ᠂ ᠭᠠᠴᠠᠭ᠎ᠠ ᠶᠢᠨ ︽ᠬᠤᠶᠠᠷ ᠵᠥᠪᠯᠡᠯ︾ ᠤᠨ  ᠣᠳᠣᠷᠢᠣᠡᠬᠤ ᠪᠠᠭ ᠤᠨ ᠪᠦᠷᠢᠯᠳᠤᠭᠦᠨ᠂ ᠬᠠᠮᠢᠶ᠎ᠠ ᠪᠦᠬᠦᠢ ᠮᠡᠷᠭᠡᠵᠢᠯ ᠤᠨ ᠠᠵᠢᠯᠳᠠᠨ ᠵᠢᠴᠢ ᠲᠠᠷᠢᠮᠠᠯ ᠤᠨ ᠲᠣᠮᠣ ᠡᠷᠦᠭᠡ ᠶᠢ ᠵᠣᠬᠢᠶᠠᠨ ᠪᠠᠶᠢᠭᠤᠯᠤᠨ ᠲᠤᠷᠰᠢᠯᠲᠠ ᠶᠢᠨ ᠲᠠᠷᠢᠶᠠᠨ ᠤ ᠲᠤᠬᠠᠢ ᠶᠢᠨ ᠲᠠᠯᠠᠪᠠᠢ ᠳᠤ ᠣᠴᠢᠭᠤᠯᠵᠤ᠂ ᠤᠰᠤ ᠪᠣᠷᠲᠤᠭᠤᠷ ᠢ ᠨᠢᠭᠡ ᠴᠤᠭᠴᠠᠵᠢᠭᠤᠯᠤᠭᠰᠠᠨ ᠨᠢᠡᠡᠳᠠ ᠲᠠᠷᠢᠬᠤ ︽ᠦᠨᠳᠤᠷ ᠤᠨᠠᠯᠳᠠᠲᠤ︾ ᠮᠡᠷᠭᠡᠵᠢᠯ ᠢ ᠳᠡᠯᠭᠡᠷᠡᠭᠦᠯᠬᠦ ᠬᠤᠷᠠᠯ ᠬᠤᠷᠠᠯᠳᠤᠭᠤᠯᠵᠤ᠂ ᠲᠤᠬᠠᠢ ᠶᠢᠨ ᠳᠡᠯᠠᠪᠠᠢ ᠳᠤ ᠨᠢᠡᠡᠳᠠ ᠲᠠᠷᠢᠬᠤ ︽ᠦᠨᠳᠤᠷ ᠤᠨᠠᠯᠳᠠᠲᠤ︾ ᠮᠡᠷᠭᠡᠵᠢᠯ ᠤᠨ ᠲᠤᠷᠰᠢᠯᠲᠠ ᠶᠢᠨ ᠲᠠᠷᠢᠶᠠᠨ ᠤ ᠡᠷᠳᠡᠨᠢ ᠰᠢᠰᠢ ᠶᠢᠨ ᠤᠷᠭᠤᠴᠠ ᠶᠢᠨ ᠪᠠᠶᠢᠳᠠᠯ ᠪᠣᠯᠣᠨ ᠤᠨᠠᠯᠲᠠ ᠶᠢ ᠲᠤᠭᠤᠷᠢᠨ ᠦᠵᠡᠵᠤ ᠣᠶᠢᠯᠠᠭᠠᠪᠠ᠃
     
       ᠦᠨᠤ ᠵᠢᠯ᠂ ᠬᠠᠨᠰᠦ᠋ᠮ᠎ᠡ ᠰᠤᠮᠤ ᠤᠰᠤ ᠪᠤᠷᠳᠤᠭᠤᠷ ᠢ ᠨᠢᠭᠡ ᠴᠤᠭᠴᠠᠵᠢᠭᠤᠯᠤᠭᠰᠠᠨ ᠨᠢᠭᠲᠠ ᠲᠠᠷᠢᠬᠤ ︽ᠦᠨᠳᠤᠷ ᠤᠨᠠᠯᠳᠠᠲᠤ︾ ᠮᠡᠷᠭᠡᠵᠢᠯ ᠤᠨ ᠲᠤᠷᠰᠢᠯᠲᠠ ᠶᠢᠨ ᠲᠠᠷᠢᠶ᠎ᠠ 3000 ᠮᠦ ᠲᠠᠷᠢᠵᠤ᠂ ᠬᠠᠨᠰᠦ᠋ᠮ᠎ᠡ ᠰᠤᠮᠤ ᠶᠢᠨ ᠮᠠᠯ ᠲᠠᠷᠢᠶᠠᠯᠠᠩ ᠳᠤ ᠦᠢᠯᠡᠴᠢᠯᠡᠬᠦ ᠺᠣᠮᠫᠠᠨᠢ ᠪᠠᠷ ᠲᠠᠮᠵᠢᠨ ᠦᠷ᠎ᠡ ᠪᠤᠷᠳᠤᠭᠤᠷ ᠢ ᠬᠠᠮᠳᠤᠷᠠᠨ ᠬᠤᠳᠠᠯᠳᠤᠨ ᠠᠪᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠤᠷᠰᠢᠯᠲᠠ ᠶᠢᠨ ᠲᠠᠷᠢᠶ᠎ᠠ ᠶᠢᠨ ᠤᠨᠠᠯᠲᠠ ᠪᠠᠶᠠᠷᠯᠠᠭᠤᠰᠢᠲᠠᠢ ᠰᠠᠶᠢᠨ ᠪᠣᠯᠪᠠ᠃ ᠣᠶᠢᠯᠠᠭᠠᠭᠰᠠᠨ ᠢᠶᠠᠷ᠂ ᠤᠰᠤ ᠪᠤᠷᠳᠤᠭᠤᠷ ᠢ ᠨᠢᠭᠡ ᠴᠣᠭᠴᠠᠵᠢᠭᠤᠯᠤᠭᠰᠠᠨ ᠨᠢᠭᠲᠠ ᠲᠠᠷᠢᠬᠤ ︽ᠦᠨᠳᠣᠷ ᠤᠨᠠᠯᠳᠠᠲᠤ︾ ᠮᠡᠷᠭᠡᠵᠢᠯ ᠤᠨ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ ᠨᠢ 2200 ᠵᠢᠩ ᠬᠦᠷᠴᠦ᠂ ᠬᠠᠷᠢᠶᠠᠳᠤ ᠣᠷᠣᠨ ᠤ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ ᠶᠢᠨ ᠬᠡᠮᠵᠢᠶ᠎ᠡ ᠶᠢᠨ ᠰᠢᠨ᠎ᠡ ᠲᠡᠮᠳᠡᠭᠯᠡᠯ ᠢ ᠡᠭᠦᠳᠴᠣ᠂ ᠭᠠᠵᠠᠷ ᠰᠢᠷᠣᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠲᠠᠷᠠᠭᠤᠯᠤᠨ᠂ ᠮᠠᠯᠴᠢᠨ ᠲᠠᠷᠢᠶᠠᠴᠢᠨ ᠡᠷᠤᠭᠡ ᠶᠢᠨ ᠣᠷᠣᠯᠭ᠎ᠠ ᠶᠢ ᠳᠡᠭᠡᠭᠰᠢᠯᠡᠭᠦᠯᠦᠭᠰᠡᠨ ᠶᠤᠮ᠃
       ︽ᠦᠨᠳᠤᠷ ᠤᠨᠠᠯᠳᠠᠲᠤ︾ ᠮᠡᠷᠭᠡᠵᠢᠯ ᠨᠢ ᠳᠠᠷᠤᠢ ︽ᠨᠢᠭᠡ ᠮᠦ ᠠᠴᠠ ᠨᠢᠭᠡ ᠲᠣᠨ ᠤᠨᠠᠯᠲᠠ ᠣᠯᠬᠤ︾ ᠬᠠᠨᠰᠦ᠋ᠮ᠎ᠡ ᠰᠤᠮᠤ ᠶᠢᠨ ᠡᠪᠡᠰᠦ ᠪᠤᠷᠳᠤᠭᠠᠨ ᠤ ᠤᠨᠠᠯᠲᠠ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠃ ᠵᠢᠯ ᠤᠨ ᠡᠬᠢᠨ ᠠᠴᠠ ᠨᠠᠭᠠᠰᠢ᠂ ᠬᠠᠨᠰᠦ᠋ᠮ᠎ᠡ ᠰᠤᠮᠤ ᠪᠠᠰᠠ ︽ᠨᠢᠭᠡ ᠡᠷᠤᠭᠡ ᠶᠢᠨ ᠨᠢᠭᠡ ᠭᠡᠰᠡᠭ ᠲᠠᠷᠢᠶᠠᠨ ᠭᠠᠵᠠᠷ︾ ᠤᠨ ᠲᠤᠷᠰᠢᠯᠲᠠ ᠶᠢ ᠲᠦᠯᠬᠢᠨ ᠠᠬᠢᠭᠤᠯᠬᠤ ᠪᠠᠷ ᠳᠠᠮᠵᠢᠨ᠂ 1.47ᠲᠦᠮᠡᠨ ᠮᠦ ᠦᠨᠳᠤᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠲᠠᠷᠢᠶᠠᠨ ᠭᠠᠵᠠᠷ ᠤᠨ ᠮᠠᠰᠢᠨᠴᠢᠯᠠᠯᠲᠠ ᠶᠢᠨ ᠬᠡᠮᠵᠢᠶ᠎ᠠ ᠶᠢ ᠳᠡᠭᠡᠭᠰᠢᠯᠡᠭᠦᠯᠦᠨ᠂ ᠦᠢᠯᠡᠳᠪᠤᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠲᠠᠷᠢᠶᠠᠯᠠᠩ ᠤᠨ ᠡᠷᠴᠢᠮᠵᠢᠭᠦᠯᠦᠭᠰᠡᠨ ᠡᠵᠡᠩᠨᠠᠯᠲᠠ ᠶᠢᠨ ᠠᠷᠭ᠎ᠠ ᠮᠠᠶ᠋ᠢᠭ ᠢ ᠰᠦᠪᠡᠭᠴᠢᠯᠡᠨ ᠪᠣᠢ ᠪᠣᠯᠭᠠᠵᠤ᠂ ᠡᠷᠳᠡᠨᠢ ᠰᠢᠰᠢ ᠶᠢᠨ ᠤᠨᠠᠯᠲᠠ ᠶᠢ 500 ᠵᠢᠩ ᠨᠡᠮᠡᠭᠳᠡᠭᠦᠯᠵᠦ᠂ ᠬᠥᠬᠡ ᠳᠠᠷᠤᠰᠢ ᠶᠢᠨ ᠤᠨᠠᠯᠲᠠ ᠶᠢ 2 ᠲᠣᠨ ᠨᠡᠮᠡᠭᠳᠡᠭᠦᠯᠪᠠ︔ ᠪᠣᠷᠣ ᠴᠠᠷᠭᠠᠰᠤ᠂ ᠨᠣᠬᠠᠢ ᠶᠢᠨ ᠬᠤᠰᠢᠩᠭᠠᠷ ᠵᠡᠷᠭᠡ ᠣᠯᠠᠨ ᠲᠦᠷᠤᠯ ᠤᠨ ᠡᠪᠡᠰᠦᠨ ᠦᠷ᠎ᠡ ᠶᠢ ᠬᠦᠷᠥᠰᠤ ᠶᠢ ᠬᠠᠭᠠᠯᠪᠤᠷᠢᠯᠠᠬᠤ ᠦᠭᠡᠢ ᠪᠠᠷ ᠲᠦᠮᠡᠨ ᠮᠦ ᠲᠠᠷᠢᠬᠤ ᠶᠢ ᠠᠬᠢᠭᠤᠯᠵᠤ᠂ ᠬᠠᠲᠤᠯᠠᠩ ᠪᠠᠯᠴᠢᠭᠡᠷ ᠤᠨ ᠮᠦ ᠪᠦᠷᠢ ᠶᠢᠨ ᠤᠨᠠᠯᠲᠠ ᠶᠢ 200 ᠵᠢᠩ ᠠᠴᠠ ᠳᠡᠭᠡᠭᠰᠢ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠥᠪᠡᠷ ᠤᠨ ᠦᠷᠳᠡᠭ ᠢᠶᠠᠨ ᠠᠷᠪᠢᠯᠡᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠲᠠᠷᠢᠵᠤ ᠲᠡᠵᠢᠭᠡᠨ ᠦᠷᠡᠵᠢᠭᠦᠯᠬᠦ ᠡᠷᠦᠭᠡ ᠶᠢᠨ ᠲᠣᠰ ᠪᠡᠶ᠎ᠡ ᠶᠢᠨ ᠦᠢᠯᠡᠳᠪᠤᠷᠢᠯᠡᠯ ᠤᠨ ᠲᠣᠲᠤᠭᠠᠲᠤ ᠬᠡᠷᠡᠭᠴᠡᠭᠡ ᠶᠢ ᠬᠠᠩᠭᠠᠵᠤ᠂  ᠦᠷᠭᠡᠨ ᠤᠯᠠᠨ ᠮᠠᠯᠴᠢᠨ ᠲᠠᠷᠢᠶᠠᠴᠢᠨ ᠢ ᠦᠨᠡᠨ ᠬᠦ ᠰᠠᠶᠢᠨ ᠲᠠᠷᠢᠵᠤ᠂ ᠰᠠᠶᠢᠨ ᠲᠡᠵᠢᠭᠡᠵᠤ ᠲᠡᠶᠢᠯᠬᠦ ᠪᠣᠯᠭᠠᠪᠠ᠃                                            ᠴᠢᠮᠡᠭᠡᠯᠡᠭᠴᠢ᠄ ᠣᠶᠣᠨᠰᠤᠳᠤ                                            ᠰᠤᠷᠪᠤᠯᠵᠢᠯᠠᠭᠴᠢ᠄ ᠤᠷᠭᠤᠮᠠᠯ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号