ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ 2024 | ᠣᠨ ᠠᠴᠠ ᠨᠠᠭᠠᠰᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠥᠷᠥ ᠶᠢᠨ | ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠤᠨ ᠨᠥᠬᠦᠪᠥᠷᠢ ᠪᠡᠯᠡ ᠮᠥᠩᠭᠦ ᠨᠡᠶᠢᠲᠡ | 56.13 ᠳ᠋ᠦᠩᠰᠢᠭᠤᠷ ᠲᠥᠭᠦᠷᠢᠭ ᠣᠷᠣᠭᠤᠯᠵᠤ᠂ ᠮᠠᠨ ᠤ ᠣᠷᠣᠨ ᠤ 158.5 ᠲᠦᠮᠡᠨ ᠲᠠᠷᠢᠶᠠᠴᠢᠨ ᠡᠷᠦᠬᠡ ᠳᠤ | ᠨᠡᠶᠢᠲᠡ 2875.59 ᠳ᠋ᠦᠩᠰᠢᠭᠤᠷ ᠲᠥᠭᠦᠷᠢᠭ ᠤᠨ ᠲᠦᠭᠰᠢᠭᠦᠷᠢ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ | ᠥᠪᠥᠷ ᠮᠣᠩᠭᠤᠯ ᠪᠣᠯ ᠤᠯᠤᠰ ᠤᠨ ᠴᠢᠬᠤᠯᠠ ︽ᠠᠮᠤ ᠪᠤᠳᠠᠭᠠᠨ ᠤ ᠬᠥᠮᠥᠷᠭᠡ︾᠂ ︽ᠮᠢᠬᠠᠨ ᠤ | ᠬᠥᠮᠥᠷᠭᠡ︾᠂ ︽ᠰᠦ ᠶᠢᠨ ᠬᠥᠨᠥᠭ︾᠂ ︽ᠨᠣᠣᠯᠣᠭᠤᠷ ᠤᠨ ᠬᠤᠲᠠ︾ ᠪᠠᠶᠢᠵᠤ᠂ ᠤᠯᠤᠰ ᠤᠨ ᠠᠮᠤ | ᠪᠤᠳᠠᠭᠠᠨ ᠤ 13 ᠭᠤᠤᠯ ᠭᠠᠷᠤᠯᠲᠠ ᠶᠢᠨ ᠣᠷᠣᠨ ᠪᠠ ᠠᠮᠤ ᠪᠤᠳᠠᠭ᠎ᠠ ᠭᠠᠳᠠᠭᠰᠢ ᠭᠠᠷᠭᠠᠬᠤ 8 ᠮᠣᠵᠢ ᠣᠷᠣᠨ ᠤ | ᠨᠢᠭᠡ ᠪᠠᠶᠢᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ | ᠡᠭᠦᠷᠭᠡᠯᠡᠵᠦ ᠪᠠᠶᠢᠭ᠎ᠠ ᠶᠤᠮ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠨᠢ ᠤᠯᠤᠰ ᠤᠨ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠲᠠᠷᠢᠶᠠᠯᠠᠩ ᠢ | ᠳᠡᠮᠵᠢᠵᠦ ᠲᠠᠷᠢᠶᠠᠴᠢᠳ ᠲᠤ ᠠᠰᠢᠭ ᠬᠦᠷᠲᠡᠭᠡᠬᠦ ᠴᠢᠬᠤᠯᠠ ᠲᠥᠷᠥ ᠶᠢᠨ ᠪᠣᠳᠣᠯᠭ᠎ᠠ ᠪᠠᠶᠢᠵᠤ᠂ ᠥᠪᠡᠷᠲᠡᠭᠡᠨ ᠵᠠᠰᠠᠬᠤ | ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠠ ᠮᠠᠯ ᠠᠵᠤ | ᠠᠬᠤᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠨ ᠪᠡᠶᠡᠯᠡᠭᠦᠯᠬᠦ ᠳᠤ ᠴᠢᠬᠤᠯᠠ ᠪᠠᠲᠤᠯᠠᠭ᠎ᠠ | ᠬᠠᠩᠭᠠᠵᠠᠶ᠃ ᠡᠶᠢᠮᠦ ᠠᠴᠠ ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠪᠠ᠃ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠨᠳᠦᠰᠦᠨ ᠵᠦᠢᠯ ᠢ ᠪᠠᠲᠤᠯᠠᠬᠤ ᠶᠢ | ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠳᠡᠰ ᠳᠠᠪᠬᠤᠷᠭ᠎ᠠ ᠶᠢᠨ ᠲᠥᠷᠥ ᠶᠢᠨ | ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ | ᠥᠪᠡᠷ ᠤᠨ ᠥᠷᠲᠡᠭ ᠤᠨ ᠳᠠᠭᠠᠳᠬᠠᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠮᠰᠢᠭ ᠲᠤ ᠤᠴᠠᠷᠠᠭᠰᠠᠨ | ᠲᠠᠷᠢᠶᠠᠴᠢᠨ ᠡᠷᠦᠬᠡ ᠶᠢᠨ ᠣᠯᠬᠤ ᠲᠥᠯᠥᠪᠦᠷᠢ ᠶᠢᠨ ᠵᠣᠭᠤᠰ ᠢ ᠮᠦ ᠪᠦᠷᠢ ᠳᠡᠭᠡᠨ 200 - 500 ᠲᠥᠭᠦᠷᠢᠭ | ᠪᠠᠶᠢᠭᠰᠠᠨ ᠢ ᠮᠤ᠋ ᠪᠦᠷᠢ ᠳᠡᠭᠡᠨ 500- 1000 ᠲᠥᠭᠦᠷᠢᠭ ᠪᠣᠯᠭᠠᠨ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠳᠤ | ᠨᠠᠩ ᠭᠦᠶ᠋ᠴᠡᠳ ᠠᠰᠢᠭ ᠣᠷᠣᠯᠭ᠎ᠠ ᠶᠢᠨ ᠪᠠᠲᠤᠯᠠᠭ᠎ᠠ ᠬᠠᠩᠭᠠᠭᠰᠠᠨ ᠪᠥᠭᠡᠳ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠤ ᠰᠠᠭᠤᠷᠢ ᠶᠢ ᠪᠠᠲᠤᠳᠬᠠᠬᠤ ᠳᠤ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠃ | ᠣᠨᠴᠠᠯᠢᠭᠲᠤ ᠠᠵᠤ ᠦᠢᠯᠡᠰ ᠤᠨ ᠰᠦᠷᠥᠭᠵᠢᠯ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠠᠴᠠ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠴᠠᠲᠠᠶ ᠪᠠᠶᠢᠬᠤ | ᠴᠢᠳᠠᠮᠵᠢ ᠶᠢ ᠭᠦᠢᠴᠡᠳ ᠠᠰᠢᠭᠯᠠᠨ᠂ ᠪᠦᠬᠦ ᠣᠷᠣᠨ ᠤ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠠᠮᠤ ᠪᠤᠳᠠᠭᠠᠨ ᠤ ᠡᠯᠪᠡᠭ ᠬᠤᠷᠢᠶᠠᠯᠲᠠ | ᠣᠯᠬᠤ ᠶᠢ ᠠᠬᠢᠭᠤᠯᠪᠠ᠃ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠤᠨ ᠪᠦᠲᠦᠭᠡᠭᠳᠡᠬᠦᠨ ᠤ ᠬᠡᠮᠵᠢᠶ᠎ᠡ ᠶᠢ ᠨᠡᠮᠡᠭᠳᠡᠭᠦᠯᠦᠨ | ᠥᠷᠭᠡᠳᠬᠡᠬᠦ ᠶᠢ ᠡᠮᠬᠢ ᠵᠢᠷᠤᠮ ᠲᠠᠢ ᠠᠬᠢᠭᠤᠯᠬᠤ ᠶᠢᠨ ᠬᠠᠮᠲᠤ ᠠᠮᠤ ᠪᠤᠳᠠᠭᠠᠨ ᠤ ᠳᠠᠭᠠᠳᠬᠠᠯ ᠢ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠨᠥᠬᠦᠪᠥᠷᠢ ᠶᠢᠨ ᠬᠡᠪᠴᠢᠶᠡᠨ ᠳᠤ ᠣᠷᠣᠭᠤᠯᠵᠤ᠂ 3 ᠬᠤᠰᠢᠭᠤ ᠰᠢᠶᠠᠨ ᠳᠤ | ᠰᠢᠨ᠎ᠡ ᠪᠠᠷ ᠮᠢᠬᠠᠨ ᠤ ᠦᠬᠡᠷ ᠤᠨ ᠳᠠᠭᠠᠳᠬᠠᠯ ᠢ ᠨᠡᠮᠡᠵᠦ ᠬᠡᠷᠡᠭᠵᠢᠭᠦᠯᠪᠡ᠃ ᠣᠳᠣᠬᠠᠨ ᠪᠣᠯᠲᠠᠯ᠎ᠠ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠳᠠᠪᠠᠭᠤᠯᠢᠭ ᠣᠨᠴᠠᠯᠢᠭᠲᠤ ᠳᠠᠭᠠᠳᠬᠠᠯ ᠤᠨ ᠲᠥᠷᠥᠯ ᠵᠦᠢᠯ ᠨᠢᠭᠡᠨᠲᠡ 11 | ᠪᠣᠯᠤᠭᠰᠠᠨ ᠪᠥᠭᠡᠳ ᠪᠥᠬᠦ ᠣᠷᠣᠨ ᠤ 86 ᠬᠤᠰᠢᠭᠤ ᠰᠢᠶᠠᠨ ᠳᠤ ᠳᠡᠯᠭᠡᠷᠡᠭᠦᠯᠵᠦ᠂ ᠮᠠᠯᠴᠢᠨ ᠲᠠᠷᠢᠶᠠᠴᠢᠨ ᠤ ᠣᠯᠠᠨ | ᠳᠡᠰ ᠳᠠᠪᠬᠤᠷᠭ᠎ᠠ ᠶᠢᠨ᠂ ᠵᠦᠷᠢᠶᠡᠴᠢᠯᠡᠭᠰᠡᠨ ᠲᠦᠭᠰᠢᠭᠦᠷᠢ ᠶᠢ ᠪᠠᠲᠤᠯᠠᠬᠤ ᠬᠡᠷᠡᠭᠴᠡᠭᠡ ᠱᠠᠭᠠᠷᠳᠠᠯᠭ᠎ᠠ ᠳᠤ | ᠲᠤᠯᠭᠠᠭᠤᠷᠢᠯᠠᠯ ᠬᠠᠩᠭᠠᠵᠤ᠂ ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠤᠨ ᠡᠵᠡᠩᠨᠡᠯᠲᠡ ᠶᠢᠨ ᠭᠤᠤᠯ | ᠴᠣᠭᠴᠠ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠦᠢᠯᠡᠳᠦᠯ ᠢ ᠭᠦᠶ᠋ᠴᠡᠳ | ᠪᠠᠳᠠᠷᠠᠭᠤᠯᠪᠠ᠃ ᠡᠨᠡ ᠵᠢᠯ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ | ᠲᠠᠷᠢᠶᠠᠯᠠᠩ ᠤᠨ ᠳᠠᠭᠠᠳᠬᠠᠯ ᠤᠨ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠪᠠ ᠲᠦᠭᠰᠢᠭᠦᠷᠢ ᠶᠢ ᠪᠠᠲᠤᠯᠠᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠭᠠᠳᠬᠠᠯ ᠤᠨ ᠪᠠᠶᠢᠭᠤᠯᠤᠮᠵᠢ ᠶᠢᠨ ᠲᠥᠯᠥᠪᠦᠷᠢ ᠥᠭᠬᠦ ᠪᠠᠨ | ᠲᠦᠷᠭᠡᠳᠬᠡᠬᠦ ᠶᠢ ᠱᠠᠯᠠᠪᠳᠠᠭᠤᠯᠵᠤ᠂ ᠳᠠᠭᠠᠳᠬᠠᠯ ᠤᠨ ᠪᠠᠶᠢᠭᠤᠯᠤᠮᠵᠢ ᠶᠢᠨ ᠭᠠᠮᠰᠢᠭ ᠢ ᠰᠡᠷᠭᠡᠶᠢᠯᠡᠨ ᠬᠤᠬᠢᠷᠠᠯ ᠢ | ᠪᠠᠭᠠᠰᠬᠠᠬᠤ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠪᠠ᠃ ᠣᠳᠣᠬᠠᠨ | ᠪᠣᠯᠲᠠᠯ᠎ᠠ 21.65 ᠳ᠋ᠦᠩᠰᠢᠭᠤᠷ ᠲᠥᠭᠦᠷᠢᠭ ᠤᠨ ᠲᠥᠯᠥᠪᠦᠷᠢ ᠮᠥᠩᠭᠦ ᠶᠢ ᠬᠠᠮᠤᠭ ᠤᠨ ᠲᠡᠷᠢᠭᠦᠨ ᠳᠤ ᠮᠠᠯᠴᠢᠨ | ᠲᠠᠷᠢᠶᠠᠴᠢᠨ ᠡᠷᠦᠬᠡ ᠳᠤ ᠰᠢᠭᠤᠳ ᠬᠦᠷᠭᠡᠵᠦ᠂ 687.43 ᠲᠦᠮᠡᠨ ᠮᠦ ᠭᠠᠮᠰᠢᠭᠳᠠᠭᠰᠠᠨ ᠲᠠᠯᠠᠪᠠᠢ᠂ 391.81 | ᠲᠦᠮᠡᠨ ᠮᠠᠯ ᠳᠤ ᠬᠤᠯᠪᠣᠭᠳᠠᠵᠤ᠂ 29.24 ᠲᠦᠮᠡᠨ ᠡᠷᠦᠬᠡ ᠳᠤ ᠠᠰᠢᠭ ᠬᠦᠷᠲᠡᠭᠡᠵᠦ᠂ ᠮᠠᠯᠴᠢᠨ ᠲᠠᠷᠢᠶᠠᠴᠢᠨ | ᠡᠷᠦᠬᠡ ᠶᠢᠨ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠵᠦ᠂ ᠭᠠᠮᠰᠢᠭᠳᠠᠭᠰᠠᠨ ᠮᠠᠯᠴᠢᠨ ᠲᠠᠷᠢᠶᠠᠴᠢᠨ | ᠡᠷᠦᠬᠡ ᠶᠢᠨ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢᠶᠠᠨ ᠰᠡᠷᠭᠦᠭᠡᠬᠦ ᠶᠢ ᠬᠦᠴᠦᠲᠡᠶ ᠳᠡᠮᠵᠢᠭᠰᠡᠨ ᠪᠠᠶᠢᠨ᠎ᠠ᠃ | ︵ᠲᠠᠯ᠎ᠠ ᠨᠤᠲᠤᠭ ᠤᠨ ᠡᠭᠦᠯᠡ ᠰᠢᠯᠵᠢᠶ᠎ᠡ︶ | | |