ᠲᠤᠤ ᠪᠦᠦ ᠲᠠᠪᠴᠠᠩ ᠠᠴᠠ ᠪᠠᠷᠠᠭ᠎ᠠ ᠬᠤᠳᠠᠯᠳᠤᠨ ᠠᠪᠬᠤ ᠳᠤ ᠭᠤᠪᠢᠭᠤᠯᠭ᠎ᠠ ᠶᠢᠨ ᠰᠦᠢᠳᠬᠡᠯ ᠭᠠᠷᠭᠠᠬᠤ ᠦᠭᠡᠶ ᠪᠣᠯᠵᠠᠶ
ᠨᠡᠶᠢᠲᠡᠯᠡᠭᠰᠡᠨ ᠴᠠᠭ᠄
2024/10/16
     10 ᠰᠠᠷ᠎ᠠ ᠶᠢᠨ 15 ᠤ ᠡᠳᠦᠷ᠂ ᠴᠥᠭᠡᠨ ᠪᠤᠰᠤ ᠬᠤᠲᠠ ᠶᠢᠨ ᠠᠷᠠᠳ ᠲᠤᠤ  ᠪᠦᠦ᠂ ᠲᠢᠶᠠᠨ ᠮᠤᠤ ᠲᠠᠪᠴᠠᠩ ᠠᠴᠠ ᠪᠠᠷᠠᠭ᠎ᠠ ᠬᠤᠳᠠᠯᠳᠤᠨ ᠠᠪᠬᠤ ᠳᠤ ᠭᠤᠪᠢᠭᠤᠯᠭ᠎ᠠ ᠶᠢᠨ ᠰᠦᠢᠳᠬᠡᠯ ᠦᠭᠡᠢ ᠪᠣᠯᠤᠭᠰᠠᠨ ᠢ ᠣᠯᠵᠤ ᠮᠡᠳᠡᠵᠡᠢ᠃      ᠰᠤᠷᠪᠤᠯᠵᠢᠯᠠᠭᠴᠢ ᠲᠤᠤ ᠪᠦᠦ ᠲᠠᠪᠴᠠᠩ ᠠᠴᠠ ᠣᠶᠢᠯᠠᠭᠠᠭᠰᠠᠨ  ᠢᠶᠠᠷ ᠥᠩᠭᠡᠷᠡᠭᠰᠡᠨ ᠳᠤ ᠭᠠᠵᠠᠷ ᠵᠦᠶ ᠶᠢᠨ ᠪᠠᠶᠢᠷᠢᠰᠢᠯ᠂ ᠵᠠᠮ ᠬᠠᠷᠢᠯᠴᠠᠭ᠎ᠠ ᠳᠥᠭᠦᠮ ᠦᠭᠡᠶ ᠠᠴᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠨᠡᠯᠢᠶᠡᠳ ᠥᠨᠳᠥᠷ ᠪᠠᠶᠢᠵᠤ᠂ ᠥᠪᠥᠷ ᠮᠣᠩᠭᠤᠯ ᠵᠡᠷᠭᠡ ᠪᠠᠷᠠᠭᠤᠨ ᠣᠷᠣᠨ ᠤ ᠬᠡᠷᠡᠭᠯᠡᠭᠴᠢᠳ ᠭᠤᠪᠢᠭᠤᠯᠭ᠎ᠠ ᠶᠢᠨ ᠰᠦᠢᠳᠬᠡᠯ ᠭᠠᠷᠭᠠᠬᠤ ᠦᠭᠡᠶ ᠬᠠᠷᠠᠭᠠᠯᠵᠠᠯ ᠢ ᠬᠦᠷᠲᠡᠵᠦ ᠴᠢᠳᠠᠬᠤ ᠦᠭᠡᠢ ᠪᠠᠶᠢᠵᠠᠶ᠃ ᠡᠨᠡ ᠵᠢᠯ ᠤᠨ 10 ᠰᠠᠷ᠎ᠠ ᠶᠢᠨ 11 ᠤ ᠡᠳᠦᠷ ᠠᠴᠠ ᠡᠬᠢᠯᠡᠨ ᠲᠤᠤ ᠪᠦᠦ ᠲᠠᠪᠴᠠᠩ ᠥᠪᠥᠷ ᠮᠣᠩᠭᠤᠯ᠂ ᠲᠥᠪᠡᠳ  ᠨᠢᠩᠰᠢᠶᠠ᠂ ᠬᠥᠬᠡᠨᠠᠭᠤᠷ᠂ ᠭᠠᠨᠰᠦ ᠵᠡᠷᠭᠡ 5 ᠭᠠᠵᠠᠷ ᠣᠷᠣᠨ ᠤ ᠬᠡᠷᠡᠭᠯᠡᠭᠴᠢᠳ ᠢᠶᠠᠷ ᠭᠤᠪᠢᠭᠤᠯᠭ᠎ᠠ ᠶᠢᠨ ᠰᠦᠢᠳᠬᠡᠯ ᠭᠠᠷᠭᠠᠯᠭᠠᠬᠤ ᠦᠭᠡᠢ ᠪᠣᠯᠵᠠᠶ᠃      ᠣᠶᠢᠯᠠᠭᠠᠭᠰᠠᠨ ᠢᠶᠠᠷ᠂ ᠬᠤᠳᠠᠯᠳᠤᠭᠠᠴᠢᠨ ᠤ ᠪᠠᠷᠠᠭ᠎ᠠ ᠢᠯᠡᠭᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠲᠤᠤ ᠪᠦᠦ ᠲᠠᠪᠴᠠᠩ ᠨᠢ ᠪᠠᠷᠠᠭᠤᠨ ᠣᠷᠣᠨ ᠤ 6 ᠭᠠᠵᠠᠷ ᠣᠷᠣᠨ ᠳᠤ ᠳᠠᠮᠵᠢᠭᠤᠯᠬᠤ ᠬᠥᠮᠥᠷᠭᠡ ᠭᠠᠷᠭᠠᠪᠠ᠃ ᠴᠥᠭᠡᠨ ᠲᠣᠭᠠᠨ ᠤ ᠴᠠᠭᠠᠵᠠᠲᠠᠶ ᠡᠳ᠋᠂ ᠠᠶᠤᠯᠲᠠᠶ ᠪᠣᠳᠠᠰ᠂ ᠳᠠᠯᠠᠢ ᠶᠢᠨ ᠢᠳᠡᠭᠡᠨ᠂ ᠬᠦᠢᠲᠡᠨ ᠢᠶᠠᠷ ᠲᠡᠭᠡᠭᠡᠪᠦᠷᠢᠯᠡᠬᠦ᠂ ᠣᠬᠤᠷ ᠬᠤᠭᠤᠴᠠᠭ᠎ᠠ ᠪᠠᠷ ᠬᠠᠳᠠᠭᠠᠯᠠᠬᠤ᠂ ᠶᠡᠭᠡ ᠬᠦᠨᠳᠦ ᠪᠠ ᠲᠣᠭᠲᠠᠭᠠᠯ ᠠᠴᠠ ᠵᠥᠷᠢᠴᠡᠭᠰᠡᠨ ᠲᠠᠸᠠᠷ ᠢ ᠭᠠᠷᠭᠠᠪᠠᠯ᠂ ᠳᠠᠮᠵᠢᠭᠤᠯᠬᠤ ᠬᠥᠮᠥᠷᠭᠡ ᠶᠢᠨ ᠦᠢᠯᠡᠴᠢᠯᠡᠭᠡ ᠨᠢ ᠪᠠᠷᠤᠭ ᠪᠣᠢ ᠪᠦᠬᠦᠢ ᠲᠠᠸᠠᠷ ᠢ ᠬᠠᠮᠤᠷᠴᠠᠶ᠃ ᠬᠤᠳᠠᠯᠳᠤᠭᠠᠴᠢᠳ ᠪᠠᠷᠠᠭᠤᠨ ᠣᠷᠣᠨ ᠤ ᠬᠡᠷᠡᠭᠯᠡᠭᠴᠢᠳ ᠤᠨ ᠵᠠᠬᠢᠶᠠᠯᠠᠭ᠎ᠠ ᠶᠢᠨ ᠪᠠᠷᠠᠭ᠎ᠠ ᠶᠢ ᠲᠣᠭᠲᠠᠭᠰᠠᠨ ᠳᠠᠮᠵᠢᠭᠤᠯᠬᠤ ᠬᠥᠮᠥᠷᠭᠡ ᠳᠤ ᠶᠠᠪᠤᠭᠤᠯᠪᠠᠯ᠂ ᠳᠠᠮᠵᠢᠭᠤᠯᠬᠤ ᠬᠥᠮᠥᠷᠭᠡ ᠨᠢ ᠪᠠᠷᠠᠭ᠎ᠠ ᠪᠠᠨ ᠰᠢᠭᠤᠳ ᠬᠤᠳᠠᠯᠳᠤᠨ ᠠᠪᠤᠭᠴᠢ ᠶᠢᠨ ᠪᠠᠶᠢᠭ᠎ᠠ ᠭᠠᠵᠠᠷ ᠲᠤ ᠢᠯᠡᠭᠡᠳᠡᠭ ᠪᠠᠶᠢᠨ᠎ᠠ᠃ ᠡᠭᠦᠨ ᠠᠴᠠ ᠭᠠᠳᠠᠨ᠎ᠠ᠂ ᠲᠤᠤ ᠪᠦᠦ ᠲᠠᠪᠴᠠᠩ ᠨᠢ ᠪᠠᠰᠠ ᠲᠡᠭᠡᠭᠡᠪᠦᠷᠢ ᠶᠢᠨ ᠰᠦᠢᠳᠬᠡᠯ ᠤᠨ ᠨᠥᠬᠦᠪᠥᠷᠢ ᠥᠭᠴᠦ᠂ ᠬᠤᠳᠠᠯᠳᠤᠭᠠᠴᠢᠳ ᠤᠨ ᠪᠠᠷᠠᠭᠤᠨ ᠣᠷᠣᠨ ᠳᠤ ᠶᠠᠪᠤᠭᠤᠯᠬᠤ ᠲᠦᠷᠭᠡᠨ ᠬᠦᠷᠭᠡᠯᠲᠡ ᠶᠢᠨ ᠥᠪᠡᠷ ᠤᠨ ᠥᠷᠲᠡᠭ ᠢ ᠳᠠᠬᠢᠨᠲᠠ ᠪᠠᠭᠤᠷᠠᠭᠤᠯᠪᠠ᠃ ︵ᠲᠠᠯ᠎ᠠ ᠨᠤᠲᠤᠭ ᠤᠨ ᠡᠭᠦᠯᠡ ᠰᠢᠯᠵᠢᠶ᠎ᠡ︶  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号