ᠠᠷᠤ ᠬᠤᠷᠴᠢᠨ ᠬᠤᠰᠢᠭᠤᠨ ᠤ ᠬᠢᠨ ︽ᠬᠠᠤᠯᠢ ᠲᠠᠢ ᠬᠠᠮᠲᠤ ᠠᠶᠠᠯᠠᠶ᠎ᠠ︾ ᠰᠤᠷᠭᠠᠭᠤᠯᠢ ᠶᠢᠨ ᠬᠦᠷᠢᠶᠡᠨ ᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯᠯᠠᠭ᠎ᠠ ᠵᠢᠴᠢ ᠬᠠᠤᠯᠢ ᠴᠠᠭᠠᠵᠠ ᠶᠢ ᠲᠦᠭᠡᠮᠡᠯᠵᠢᠭᠦᠯᠬᠦ ᠨᠣᠮ ᠪᠢᠴᠢᠭ ᠬᠠᠨᠳᠢᠪᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/10/16
       10 ᠰᠠᠷ᠎ᠠ ᠶᠢᠨ 14 ᠤ ᠡᠳᠤᠷ᠂ ᠬᠤᠰᠢᠭᠤᠨ ᠰᠤᠷᠭᠠᠨ ᠬᠥᠮᠣᠵᠢᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠲᠣᠳᠣᠭᠠᠲᠤ ᠶᠢ ᠬᠠᠮᠠᠭᠠᠯᠠᠬᠤ ᠲᠣᠪᠴᠢᠶ᠎ᠡ᠂ ᠪᠡᠭᠡᠵᠢᠩ ᠤᠨ ᠵᠢᠶᠠ ᠭᠤᠸᠠᠨ ︵ᠤᠯᠠᠭᠠᠡᠬᠠᠳᠠ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠬᠠᠮᠳᠤᠷᠠᠨ ︽ᠬᠠᠤᠯᠢ  ᠲᠠᠢ ᠬᠠᠮᠲᠤ ᠠᠶᠠᠯᠠᠶ᠎ᠠ︾ ᠰᠤᠷᠭᠠᠭᠤᠯᠢ ᠶᠢᠨ ᠬᠦᠷᠢᠶᠡᠨ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠵᠢᠴᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠨᠣᠮ ᠪᠢᠴᠢᠭ ᠬᠠᠨᠳᠢᠪᠯᠠᠬᠤ ᠶᠣᠰᠣᠯᠠᠯ ᠶᠠᠪᠤᠭᠤᠯᠵᠤ᠂ ᠬᠤᠰᠢᠭᠤᠨ ᠵᠠᠰᠠᠭ ᠤᠨ ᠣᠷᠳᠤᠨ ᠤ ᠲᠡᠳ᠋ ᠳᠠᠷᠤᠭ᠎ᠠ ᠲᠠᠩ ᠲᠢᠩ ᠲᠢᠩ ᠠᠵᠢᠯᠯᠠᠭ᠎ᠠ ᠳᠤ ᠣᠷᠣᠯᠴᠠᠵᠠᠢ᠃
       ᠳᠠᠩ ᠲᠢᠩ ᠲᠢᠩ ᠶᠣᠰᠤᠯᠠᠯ ᠳᠡᠭᠡᠷ᠎ᠡ ᠪᠠᠶᠠᠷ ᠤᠨ ᠦᠭᠡ ᠬᠡᠯᠡᠵᠤ᠂ ᠰᠤᠷᠭᠠᠭᠤᠯᠢ ᠶᠢᠨ ᠬᠠᠤᠯᠢᠵᠢᠯ ᠤᠨ ᠬᠦᠮᠤᠵᠢᠯ ᠢ ᠬᠠᠯᠠᠮᠵᠢᠯᠡᠨ ᠳᠡᠮᠵᠢᠭᠰᠡᠨ ᠪᠡᠭᠡᠵᠢᠩ ᠤᠨ ᠵᠢᠶᠠ ᠭᠤᠸᠠᠨ ︵ᠤᠯᠠᠭᠠᠡᠬᠠᠳᠠ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠯᠡᠷᠬᠠᠵᠤ ᠪᠠᠶᠢᠬᠤ ᠪᠠᠨ ᠢᠯᠡᠣᠡᠭᠡᠵᠤ᠂ ᠪᠡᠯᠡᠭ ᠬᠦᠷᠳᠡᠭᠰᠡᠨ ᠰᠤᠷᠭᠠᠭᠤᠯᠢ ᠨᠤᠭᠤᠳ ᠬᠠᠤᠯᠢ ᠴᠠᠭᠠᠵᠠ ᠶᠢᠨ ᠶᠡᠷᠤ ᠶᠢᠨ ᠮᠡᠳᠡᠯᠭᠡ ᠶᠢ ᠲᠦᠭᠡᠮᠡᠯᠵᠢᠭᠦᠯᠬᠦ ᠨᠣᠮ ᠪᠢᠴᠢᠭ ᠤᠨ ᠦᠢᠯᠡᠳᠤᠯ ᠢ ᠪᠠᠲᠠᠷᠠᠭᠤᠯᠵᠤ᠂ ᠬᠠᠤᠯᠢ ᠴᠠᠭᠠᠵᠠ ᠶᠢᠨ ᠶᠡᠷᠤ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠰᠤᠷᠭᠠᠨ ᠬᠥᠮᠥᠵᠢᠯ ᠵᠢᠭᠠᠨ ᠰᠤᠷᠭᠠᠯᠲᠠ᠂ ᠡᠳᠤᠷ ᠲᠣᠳᠤᠮ ᠤᠨ ᠬᠠᠮᠢᠶᠠᠷᠤᠯᠲᠠ ᠶᠢ ᠬᠦᠨᠵᠡᠭᠡᠢ ᠠᠭᠤᠰᠣᠯᠴᠠᠭᠤᠯᠬᠤ ᠶᠢ ᠲᠦᠯᠬᠢᠨ ᠠᠬᠢᠭᠤᠯᠵᠤ᠂ ᠬᠠᠤᠯᠢ ᠶᠣᠰᠤᠭᠠᠷ ᠰᠤᠷᠭᠠᠭᠤᠯᠢ ᠶᠢ ᠵᠠᠰᠠᠬᠤ ᠪᠤᠳᠠᠲᠤ ᠦᠷ᠎ᠡ ᠪᠦᠳᠣᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠴᠢᠳᠡᠪᠬᠢ ᠦᠢᠯᠡᠳᠤᠯ ᠢᠶᠠᠨ ᠲᠠᠰᠤᠷᠠᠯᠲᠠ ᠦᠭᠡᠢ ᠦᠷᠭᠡᠳᠭᠡᠵᠦ᠂ ᠬᠠᠤᠯᠢᠵᠢᠯ ᠤᠨ ᠤᠬᠠᠭᠤᠯᠭ᠎ᠠ ᠬᠦᠮᠤᠵᠢᠯ ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠰᠤᠷᠣᠭᠴᠢᠳ ᠤᠨ ᠡᠷᠡᠭᠦᠯ ᠢᠶᠠᠷ ᠦᠰᠣᠨ ᠪᠣᠶᠢᠵᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠬᠤ ᠶᠢᠨ ᠬᠠᠮᠲᠤ ᠪᠡᠭᠡᠵᠢᠩ ᠤᠨ ᠵᠢᠶᠠ ᠭᠤᠸᠠᠨ ︵ᠤᠯᠠᠭᠠᠡᠬᠠᠳᠠ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠠᠷᠤ ᠬᠤᠷᠴᠢᠨ ᠬᠤᠰᠢᠭᠤᠨ ᠤ ᠰᠤᠷᠭᠠᠨ ᠬᠥᠮᠤᠵᠢᠯ ᠤᠨ ᠬᠠᠤᠯᠢ ᠪᠠᠷ ᠵᠠᠰᠠᠬᠤ ᠦᠢᠯᠡᠰ ᠤᠨ ᠬᠦᠭᠵᠢᠯᠲᠠ ᠶᠢ ᠦᠷᠭᠦᠯᠵᠢᠯᠡᠨ ᠬᠠᠯᠠᠮᠵᠢᠯᠡᠨ ᠳᠡᠮᠵᠢᠬᠦ ᠶᠢ ᠬᠦᠰᠡᠵᠦ ᠪᠠᠶᠢᠨ᠎ᠠ ᠭᠡᠵᠡᠢ᠃
       ᠪᠡᠭᠡᠵᠢᠩ ᠤᠨ ᠵᠢᠶᠠ ᠭᠤᠸᠠᠨ ︵ᠤᠯᠠᠭᠠᠡᠬᠠᠳᠠ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠲᠤᠰᠬᠠᠢ ᠲᠤᠰᠢᠶᠠᠯᠲᠤ ᠬᠠᠤᠯᠢᠴᠢ ᠫᠠᠨ ᠬᠤᠸᠠᠢ ᠪᠢᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠡᠭᠦᠷᠭᠡᠯᠡᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠤᠨ ᠪᠣᠶᠢᠵᠢᠬᠤ ᠶᠢ ᠦᠷᠭᠦᠯᠵᠢᠯᠠᠨ ᠠᠩᠬᠠᠷᠬᠤ ᠶᠢᠨ ᠬᠠᠮᠲᠤ ᠰᠤᠷᠣᠭᠴᠢᠳ ᠤᠨ ᠢᠳᠡᠪᠬᠢᠲᠠᠢ ᠪᠠᠷ ᠬᠠᠤᠯᠢ ᠶᠢ ᠰᠤᠷᠴᠤ ᠬᠠᠤᠯᠢ ᠶᠢ ᠣᠶᠢᠯᠠᠭᠠᠵᠤ᠂ ᠬᠠᠤᠯᠢ ᠴᠠᠭᠠᠵᠠ ᠪᠠᠷ ᠥᠪᠡᠷ ᠢ  ᠪᠠᠨ ᠬᠠᠮᠠᠭᠠᠯᠠᠬᠤ ᠣᠬᠠᠮᠰᠡᠷ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠬᠤ ᠪᠣᠯᠣᠨ᠎ᠠ ᠭᠡᠵᠡᠢ᠃
       ᠶᠣᠰᠣᠯᠠᠯ ᠳᠡᠭᠡᠷ᠎ᠡ᠂ ᠪᠡᠭᠡᠵᠢᠩ ᠤᠨ ᠵᠢᠶᠠ ᠭᠤᠸᠠᠨ ︵ᠤᠯᠠᠭᠠᠡᠬᠠᠳᠠ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠠᠴᠠ ᠰᠤᠷᠭᠠᠭᠤᠯᠢ ᠨᠤᠭᠤᠳ ᠲᠤ 3000 ᠳᠡᠪᠲᠡᠷ ᠨᠣᠮ ᠪᠢᠴᠢᠭ ᠬᠠᠨᠲᠢᠪᠯᠡᠪᠠ᠃ ᠨᠣᠮ ᠤᠨ ᠪᠡᠯᠡᠭ ᠲᠣᠰᠣᠭᠰᠠᠨ ᠰᠤᠷᠭᠠᠭᠤᠯᠢ ᠶᠢᠨ ᠲᠦᠯᠥᠭᠡᠯᠡᠭᠴᠢ ᠠᠴᠠ ᠶᠠᠷᠢᠶ᠎ᠠ ᠳᠠᠯᠪᠢᠵᠤ᠂ ᠨᠣᠮ ᠬᠠᠨᠲᠢᠪᠯᠠᠨ ᠬᠦᠷᠭᠡᠭᠰᠡᠨ ᠲᠠᠯ᠎ᠠ ᠳᠤ ᠴᠢᠩ ᠰᠠᠳᠭᠢᠯ ᠤᠨ ᠪᠠᠶᠠᠷ ᠲᠠᠯᠠᠷᠬᠠᠯ ᠢᠶᠠᠨ ᠢᠯᠡᠳᠭᠡᠵᠦ᠂ ᠬᠤᠰᠢᠭᠤᠨ ᠰᠤᠷᠭᠠᠨ ᠬᠥᠮᠤᠵᠢᠯ ᠤᠨ ᠲᠣᠪᠴᠢᠶ᠎ᠠ ᠠᠴᠠ ᠨᠣᠮ ᠬᠠᠨᠳᠢᠪᠯᠡᠨ ᠬᠦᠷᠭᠡᠭᠰᠡᠨ ᠲᠠᠯ᠎ᠠ ᠳᠤ ᠫᠠᠶᠢᠰᠠ ᠢᠯᠡᠷᠭᠡᠶᠢᠯᠡᠯ ᠣᠯᠭᠤᠨ ᠬᠠᠷᠢᠭᠤ ᠪᠠᠯᠡᠭ ᠬᠦᠷᠭᠡᠪᠡ᠃
       ᠬᠠᠨᠳᠢᠪᠯᠠᠨ ᠬᠦᠷᠭᠡᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠪᠡᠭᠡᠵᠢᠩ ᠤᠨ ᠵᠢᠶᠠ ᠭᠤᠸᠠᠨ ︵ᠤᠯᠠᠭᠠᠡᠬᠠᠳᠠ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠶᠢᠨ ᠪᠦᠯᠭᠦᠮ 3 ᠲᠣᠭᠤᠶᠢᠯᠠᠩ ᠬᠤᠪᠢᠶᠠᠵᠤ᠂ ᠬᠤᠰᠢᠭᠤᠨ ᠰᠢᠭᠤᠳ ᠬᠠᠷᠢᠶ᠎ᠠ 5 ᠠᠩᠬ᠎ᠠ ᠵᠡᠷᠭᠡ ᠶᠢᠨ ᠳᠤᠮᠳᠠᠲᠤ ᠰᠤᠷᠭᠠᠭᠤᠯᠢ ᠶᠢᠨ ᠨᠢᠭᠡᠳᠦᠭᠡᠷ ᠣᠨ ᠤ ᠰᠣᠷᠣᠭᠴᠢᠳ ᠲᠤ ᠰᠣᠷᠣᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠤᠨ ᠲᠣᠰᠬᠠᠢ ᠰᠡᠳᠤᠪᠲᠤ ᠬᠠᠤᠯᠢ ᠲᠦᠭᠡᠮᠡᠯᠵᠢᠭᠦᠯᠬᠦ ᠲᠠᠶᠢᠯᠤᠮᠵᠢ ᠬᠢᠪᠠ᠃ ︵ᠵᠣᠣ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号