ᠲᠣᠭᠤᠷᠢᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2024/10/17
     ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2024 ᠣᠨ ᠤ 10 ᠰᠠᠷ᠎ᠠ ᠶᠢᠨ 15 ᠤ ᠡᠳᠦᠷ ᠠᠴᠠ 12 ᠰᠠᠷ᠎ᠠ ᠶᠢᠨ 15 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠷᠤ ᠬᠤᠷᠴᠢᠨ ᠬᠤᠰᠢᠭᠤᠨ ᠳᠤ ᠪᠠᠶᠢᠩᠭᠤ ᠶᠢᠨ  ᠲᠣᠭᠤᠷᠢᠨ  ᠪᠠᠶᠢᠴᠠᠭᠠᠯᠲᠠ  ᠦᠷᠨᠢᠭᠦᠯᠬᠦ  ᠪᠠᠷ  ᠪᠣᠯᠪᠠ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠰᠠᠶᠢᠲᠤᠷ ᠬᠢᠬᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠺᠠᠳ᠋ᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠵᠤ᠂ ᠭᠤᠣᠯᠳᠠᠭᠤ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠤᠨ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ᠂ ᠤᠲᠠᠰᠤ᠂ ᠰᠣᠷᠪᠣᠯᠵᠢᠯᠠᠯ ᠢ ᠬᠦᠯᠢᠶᠡᠨ ᠠᠪᠴᠤ᠂ ᠭᠤᠣᠯᠳᠠᠭᠤ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠤᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠳᠤᠰᠬᠠᠯ ᠢ ᠬᠦᠯᠢᠶᠡᠨ ᠠᠪᠴᠤ ᠰᠢᠢᠳᠪᠦᠷᠢᠯᠡᠨ᠎ᠡ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠬᠢᠷᠠᠭᠤᠯᠤᠭᠰᠠᠨ ᠲᠤᠰᠬᠠᠢ ᠵᠢᠵᠢᠭᠦᠷᠯᠡᠬᠦ ᠤᠲᠠᠰᠤ᠄ 0476-7236701᠂ ᠡᠳᠦᠷ ᠪᠦᠷᠢ ᠶᠢᠨ ᠤᠲᠠᠰᠤ ᠲᠤᠰᠤᠨ ᠰᠢᠢᠳᠪᠦᠷᠢᠯᠡᠬᠦ ᠴᠠᠭ᠄ 8:00 ᠠᠴᠠ 18:00 ᠪᠣᠯᠤᠨ᠎ᠠ︔ ᠰᠢᠦᠳᠠᠨ ᠤ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ 0027 ᠳ᠋ᠤᠭᠠᠷ ᠰᠢᠦᠳᠠᠨ ᠬᠠᠶᠢᠷᠴᠠᠭ︔ ᠢᠮᠧᠯ᠄ sjzzqxsz1@ 163.com︔ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠦᠯᠢᠶᠡᠨ ᠠᠪᠬᠤ ᠭᠠᠵᠠᠷ᠄ ᠠᠷᠤ ᠬᠤᠷᠴᠢᠨ ᠵᠣᠴᠢᠳ ᠤᠨ ᠪᠠᠭᠤᠳᠠᠯ ᠤᠨ ᠬᠤᠶᠠᠳᠤᠭᠠᠷ ᠳᠠᠪᠬᠤᠷᠭ᠎ᠠ ᠶᠢᠨ 2002 ᠥᠷᠥᠭᠡ᠃ ᠡᠭᠦᠨ ᠤ ᠬᠠᠮᠲᠤ᠂ ᠴᠢᠪᠠᠭ᠎ᠠ ᠪᠠᠯᠭᠠᠰᠤᠨ ᠤ ᠲᠢᠶᠠᠨ ᠶᠤᠸᠠᠨ ᠶᠡᠭᠡ ᠵᠡᠭᠡᠯᠢ ᠶᠢᠨ 54 ᠨᠣᠮᠧᠷᠲᠤ ᠠᠷᠤ ᠬᠤᠷᠴᠢᠨ ᠵᠣᠴᠢᠳ ᠤᠨ ᠪᠠᠭᠤᠳᠠᠯ ᠤᠨ ᠭᠤᠤᠯ ᠡᠭᠦᠳᠡ ᠶᠢᠨ ᠵᠡᠭᠦᠨ ᠲᠠᠯ᠎ᠠ ᠳᠤ᠂ ᠴᠢᠪᠠᠭ᠎ᠠ ᠪᠠᠯᠭᠠᠰᠤᠨ ᠤ ᠲᠢᠶᠠᠨ ᠶᠤᠸᠠᠨ ᠶᠡᠭᠡ ᠵᠡᠭᠡᠯᠢ ᠶᠢᠨ 52 ᠨᠣᠮᠧᠷᠲᠤ ᠠᠷᠤ ᠬᠤᠷᠴᠢᠨ ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ ᠵᠡᠭᠦᠨ ᠲᠠᠯ᠎ᠠ ᠶᠢᠨ ᠭᠠᠳᠠᠷ ᠬᠡᠷᠡᠮ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠤᠭᠰᠠᠨ ᠪᠥᠭᠡᠳ ᠪᠠᠰᠠ     ︽ᠺᠣᠳ᠋ ᠳᠡᠭᠡᠷ᠎ᠡ ᠪᠠᠶᠢᠴᠠᠭᠠᠬᠤ︾ ᠵᠠᠬᠢᠳᠠᠯ ᠰᠣᠷᠪᠣᠯᠵᠢᠯᠠᠯ ᠤᠨ ᠠᠷᠭ᠎ᠠ ᠵᠠᠮ ᠢ ᠨᠡᠪᠲᠡᠷᠡᠭᠦᠯᠪᠡ᠂ ᠳᠤᠤᠷ᠎ᠠ ᠲᠠᠯ᠎ᠠ ᠶᠢᠨ ᠬᠤᠶᠠᠷ ᠬᠡᠮᠵᠢᠯᠳᠦ ᠺᠣᠳ᠋ ᠢ ᠰᠢᠷᠪᠢᠵᠦ ᠠᠰᠠᠭᠤᠳᠠᠯ ᠢ ᠲᠤᠰᠬᠠᠵᠤ ᠪᠣᠯᠤᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠣᠷᠪᠣᠯᠵᠢᠯᠠᠯ ᠢ ᠬᠦᠯᠢᠶᠡᠨ ᠠᠪᠬᠤ ᠴᠠᠭ 2024 ᠣᠨ ᠤ 12 ᠰᠠᠷ᠎ᠠ ᠶᠢᠨ 10 ᠤ ᠡᠳᠦᠷ ᠳᠠᠭᠤᠰᠤᠨ᠎ᠠ᠃ ᠥᠷᠭᠡᠨ ᠤᠯᠠᠨ ᠺᠠᠳ᠋ᠷ ᠤᠯᠠᠨ ᠲᠦᠮᠡᠨ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠮᠥᠨ ᠢᠶᠠᠷ ᠪᠠᠶᠢᠳᠠᠯ ᠢ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃
     ᠭᠠᠷ ᠤᠲᠠᠰᠤ ᠪᠠᠷ ᠳᠡᠭᠡᠷ᠎ᠡ ᠲᠠᠯ᠎ᠠ ᠶᠢᠨ ᠬᠤᠶᠠᠷ ᠬᠡᠮᠵᠢᠯᠳᠦ ᠺᠣᠳ᠋ ᠢ ᠰᠢᠷᠪᠢᠵᠦ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠠᠰᠠᠭᠤᠳᠠᠯ ᠢ ᠲᠤᠰᠬᠠᠭᠠᠷᠠᠶ                                   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ                                   ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ                                        2024 ᠣᠨ ᠤ 10 ᠰᠠᠷ᠎ᠠ ᠶᠢᠨ 15 ᠤ ᠡᠳᠦᠷ
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号