ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠶ | ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠬᠥᠮᠦᠨ ᠰᠣᠩᠭᠤᠵᠤ ᠬᠥᠮᠦᠨ ᠬᠡᠷᠡᠭᠯᠡᠬᠦ ᠲᠤᠰᠬᠠᠶ ᠪᠠᠶᠢᠴᠠᠭᠠᠯᠲᠠ ᠶᠢᠨ ᠳᠤᠭᠤᠶᠢᠯᠠᠩ 2024 ᠣᠨ ᠤ | 10 ᠰᠠᠷ᠎ᠠ ᠶᠢᠨ 15 ᠤ ᠡᠳᠦᠷ ᠠᠴᠠ ᠡᠬᠢᠯᠡᠨ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠳᠤ ᠬᠥᠮᠦᠨ | ᠰᠣᠩᠭᠤᠵᠤ ᠬᠥᠮᠦᠨ ᠬᠡᠷᠡᠭᠯᠡᠬᠦ ᠲᠤᠰᠬᠠᠶ ᠪᠠᠶᠢᠴᠠᠭᠠᠯᠲᠠ ᠦᠷᠨᠢᠭᠦᠯᠬᠦ ᠪᠠᠷ ᠪᠣᠢ᠃ ᠪᠠᠶᠢᠴᠠᠭᠠᠯᠲᠠ ᠶᠢᠨ ᠭᠤᠣᠯ | ᠠᠭᠤᠯᠭ᠎ᠠ᠄ ᠨᠢᠭᠡ ᠳᠤ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠭᠰᠠᠨ | ᠪᠠᠶᠢᠳᠠᠯ︔ ᠬᠤᠶᠠᠷ ᠲᠤ ᠺᠠᠳ᠋ᠷ ᠢ ᠨᠠᠮ ᠬᠠᠮᠢᠶᠠᠷᠬᠤ ᠵᠠᠷᠴᠢᠮ ᠢ ᠪᠠᠷᠢᠮᠲᠠᠯᠠᠭᠰᠠᠨ ᠪᠠᠶᠢᠳᠠᠯ︔ ᠭᠤᠷᠪᠠ ᠳᠤ ᠬᠥᠮᠦᠨ | ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠭᠰᠠᠨ ᠪᠠᠶᠢᠳᠠᠯ︔ ᠲᠦᠷᠪᠡ ᠳᠤ ᠬᠥᠮᠦᠨ ᠰᠣᠩᠭᠤᠵᠤ ᠬᠥᠮᠦᠨ | ᠬᠡᠷᠡᠭᠯᠡᠬᠦ ᠪᠠᠷᠢᠮᠵᠢᠶ᠎ᠠ ᠶᠢ ᠴᠢᠩᠭ᠎ᠠ ᠠᠳᠬᠤᠭᠰᠠᠨ ᠪᠠᠶᠢᠳᠠᠯ︔ ᠲᠠᠪᠤ ᠳᠤ ᠬᠥᠮᠦᠨ ᠰᠣᠩᠭᠤᠵᠤ ᠬᠥᠮᠦᠨ ᠬᠡᠷᠡᠭᠯᠡᠬᠦ | ᠲᠦᠷᠦ ᠶᠢᠨ ᠪᠤᠳᠤᠯᠭ᠎ᠠ ᠲᠦᠷᠢᠮ ᠤᠨ ᠳᠡᠰ ᠳᠠᠷᠠᠭᠠᠯᠠᠯ ᠢ ᠬᠡᠷᠡᠭᠵᠢᠭᠦᠯᠦᠭᠰᠡᠨ ᠪᠠᠶᠢᠳᠠᠯ︔ ᠵᠢᠷᠭᠤᠭ᠎ᠠ ᠳᠤ | ᠠᠯᠪᠠᠲᠠᠨ ᠤ ᠬᠠᠤᠯᠢ ᠵᠢᠴᠢ ᠬᠠᠮᠢᠶ᠎ᠠ ᠪᠥᠬᠦᠶ ᠲᠦᠬᠦᠷᠵᠢᠭᠰᠡᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ | ᠨᠠᠶᠢᠳᠠᠪᠤᠷᠢᠵᠢᠭᠤᠯᠤᠭᠰᠠᠨ ᠪᠠᠶᠢᠳᠠᠯ︔ ᠳᠤᠯᠤᠭ᠎ᠠ ᠳᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠪᠠ ᠺᠠᠳ᠋ᠷ ᠤᠨ ᠲᠤᠰᠢᠶᠠᠯ ᠳᠤ ᠳᠠᠪᠰᠢᠵᠤ ᠲᠤᠰᠢᠶᠠᠯ ᠠᠴᠠ ᠪᠠᠭᠤᠵᠤ ᠪᠣᠯᠬᠤ ᠶᠢ ᠠᠬᠢᠭᠤᠯᠤᠭᠰᠠᠨ | ᠪᠠᠶᠢᠳᠠᠯ︔ ᠨᠠᠢᠮᠠ ᠳᠤ ᠺᠠᠳ᠋ᠷ ᠠᠵᠢᠯᠲᠠᠨ ᠤ ᠶᠠᠪᠤᠳᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠰᠢᠯᠢᠳᠡᠭᠵᠢᠭᠦᠯᠬᠦ ᠠᠵᠢᠯ ᠤᠨ ᠶᠠᠪᠤᠴᠠ ᠪᠠᠨ ᠰᠢᠯᠢᠳᠡᠭᠵᠢᠭᠦᠯᠬᠦ ᠡᠷᠬᠡ ᠲᠤᠰᠢᠶᠠᠯ ᠤᠨ ᠵᠦᠢᠯᠡᠰ ᠢ ᠬᠦᠴᠦᠨ ᠦᠭᠡᠶ | ᠪᠣᠯᠭᠠᠬᠤ ᠪᠠ ᠡᠷᠬᠡ ᠶᠢ ᠳᠣᠷᠣᠭᠰᠢ ᠪᠠᠭᠤᠯᠭᠠᠬᠤ ᠶᠢ ᠰᠢᠢᠳᠪᠦᠷᠢᠯᠡᠭᠰᠡᠨ ᠪᠠᠶᠢᠳᠠᠯ︔ ᠶᠢᠰᠦ ᠳᠤ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠭᠰᠠᠨ ᠪᠠᠶᠢᠳᠠᠯ︔ ᠠᠷᠪᠠ ᠳᠤ ᠵᠣᠬᠢᠶᠠᠨ ᠪᠠᠶᠢᠭᠤᠯᠬᠤ ᠠᠵᠢᠯᠲᠠᠨ ᠤ | ᠰᠠᠬᠢᠯᠭ᠎ᠠ ᠪᠠᠲᠤ ᠶᠢ ᠵᠢᠷᠤᠮᠯᠠᠨ ᠰᠠᠬᠢᠬᠤ ᠪᠠ ᠬᠥᠮᠦᠨ ᠰᠣᠩᠭᠤᠵᠤ ᠬᠥᠮᠦᠨ ᠬᠡᠷᠡᠭᠯᠡᠬᠦ ᠬᠡᠪ ᠰᠤᠷᠲᠠᠯ ᠢ ᠵᠠᠰᠠᠨ | ᠵᠠᠯᠠᠷᠠᠭᠤᠯᠬᠤ ᠪᠠᠶᠢᠳᠠᠯ︔ ᠠᠷᠪᠠᠨ ᠨᠢᠭᠡ ᠳᠤ ᠺᠠᠳ᠋ᠷ ᠤᠨ ᠡᠳᠦᠷ ᠲᠤᠳᠤᠮ ᠤᠨ ᠬᠠᠮᠢᠶᠠᠷᠤᠯᠲᠠ ᠬᠢᠨᠠᠯᠲᠠ ᠶᠢᠨ | ᠪᠠᠶᠢᠳᠠᠯ︔ ᠠᠷᠪᠠᠨ ᠬᠤᠶᠠᠷ ᠲᠤ ᠲᠥᠪ ᠤᠨ ᠲᠣᠭᠤᠷᠢᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠥᠪᠡᠷᠲᠡᠭᠡᠨ | ᠵᠠᠰᠠᠬᠤ ᠣᠷᠣᠨ ᠤ ᠬᠥᠮᠦᠨ ᠰᠣᠩᠭᠤᠵᠤ ᠬᠥᠮᠦᠨ ᠬᠡᠷᠡᠭᠯᠡᠬᠦ ᠬᠠᠮᠢᠶ᠎ᠠ ᠪᠦᠬᠦᠢ ᠠᠰᠠᠭᠤᠳᠠᠯ ᠢ ᠬᠤᠯᠪᠣᠭᠠᠯᠠᠨ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ︔ ᠠᠷᠪᠠᠨ ᠭᠤᠷᠪᠠ ᠳᠤ ᠳᠡᠭᠡᠷ᠎ᠡ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠯᠲᠠ ᠶᠢᠨ ᠬᠥᠮᠦᠨ ᠰᠣᠩᠭᠤᠵᠤ ᠬᠥᠮᠦᠨ ᠬᠡᠷᠡᠭᠯᠡᠬᠦ ᠲᠤᠰᠬᠠᠢ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ ᠠᠷᠪᠠᠨ | ᠳᠥᠷᠪᠡ ᠳᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ | ᠦᠷ᠎ᠡ ᠪᠦᠲᠦᠮᠵᠢ ᠶᠢᠨ ︽ᠳᠠᠬᠢᠨ ᠪᠠᠶᠢᠴᠠᠭᠠᠬᠤ︾ ᠠᠵᠢᠯ ᠢ ᠥᠷᠨᠢᠭᠦᠯᠦᠭᠰᠡᠨ ᠪᠠᠶᠢᠳᠠᠯ︔ ᠠᠷᠪᠠᠨ ᠲᠠᠪᠤ ᠳᠤ | ᠪᠤᠰᠤᠳ ᠪᠠᠶᠢᠴᠠᠭᠠᠬᠤ ᠴᠢᠬᠤᠯᠠ ᠲᠠᠢ ᠪᠠᠶᠢᠳᠠᠯ᠃ | ᠣᠲᠣ ᠪᠠᠶᠢᠴᠠᠭᠠᠬᠤ ᠳᠤᠭᠤᠶᠢᠯᠠᠩ ᠤᠨ ᠬᠠᠷᠢᠯᠴᠠᠬᠤ ᠠᠷᠭ᠎ᠠ ᠶᠢ ᠢᠯᠡ ᠨᠡᠶᠢᠲᠡᠯᠡᠶ᠎ᠡ᠂ ᠲᠣᠭᠲᠠᠭᠠᠯ | ᠰᠠᠬᠢᠯᠭ᠎ᠠ ᠠᠴᠠ ᠵᠥᠷᠢᠴᠡᠨ ᠬᠥᠮᠦᠨ ᠰᠣᠩᠭᠤᠵᠤ ᠬᠥᠮᠦᠨ ᠬᠡᠷᠡᠭᠯᠡᠭᠰᠡᠨ ᠠᠰᠠᠭᠤᠳᠠᠯ ᠤᠨ ᠲᠤᠬᠠᠶ ᠴᠠᠭ ᠲᠤᠬᠠᠶ ᠳᠤ | ᠨᠢ ᠪᠢᠳᠡᠨ ᠳᠤ ᠬᠠᠷᠢᠭᠤ ᠲᠤᠰᠬᠠᠭᠠᠷᠠᠶ᠃ | ᠤᠲᠠᠰᠤ᠄ 0476-7236701 | ᠰᠢᠦᠳᠠᠨ ᠤ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ | ᠬᠤᠲᠠ ᠶᠢᠨ 0027 ᠨᠣᠮᠧᠷᠲᠤ ᠰᠢᠦᠳᠠᠨ ᠤ ᠬᠠᠶᠢᠷᠴᠠᠭ | ᠡᠭᠦᠨ ᠤ ᠬᠠᠮᠲᠤ᠂ ᠥᠷᠭᠡᠨ ᠣᠯᠠᠨ ᠺᠠᠳ᠋ᠷ ᠣᠯᠠᠨ ᠲᠦᠮᠡᠨ ᠮᠠᠨ ᠤ ᠬᠥᠮᠦᠨ ᠰᠣᠩᠭᠤᠵᠤ ᠬᠥᠮᠦᠨ ᠬᠡᠷᠡᠭᠯᠡᠬᠦ | ᠲᠤᠰᠬᠠᠶ ᠪᠠᠶᠢᠴᠠᠭᠠᠯᠲᠠ ᠶᠢᠨ ᠳᠤᠭᠤᠶᠢᠯᠠᠩ ᠳᠤ ᠬᠢᠨᠠᠯᠲᠠ ᠲᠠᠯᠪᠢᠵᠤ᠂ ᠠᠵᠢᠯ ᠳᠠᠭᠠᠨ ᠬᠢᠨᠠᠮᠠᠭᠠᠶ ᠪᠤᠰᠤ᠂ | ᠬᠠᠷᠢᠭᠤᠴᠠᠯᠭ᠎ᠠ ᠦᠭᠡᠶ ᠵᠡᠷᠭᠡ ᠠᠰᠠᠭᠤᠳᠠᠯ ᠢ ᠣᠯᠵᠣ ᠮᠡᠳᠡᠪᠡᠯ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠲᠤᠰᠬᠠᠭᠠᠷᠠᠢ᠃ ᠤᠲᠠᠰᠤ᠄ 0471-12380᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠬᠥᠮᠦᠨ ᠰᠤᠩᠭᠤᠵᠤ ᠬᠦᠮᠦᠨ ᠬᠡᠷᠡᠭᠯᠡᠬᠦ ᠲᠤᠰᠬᠠᠶ ᠪᠠᠶᠢᠴᠠᠭᠠᠯᠲᠠ ᠶᠢᠨ ᠳᠤᠭᠤᠶᠢᠯᠠᠩ | 2024 ᠣᠨ ᠤ 10 ᠰᠠᠷ᠎ᠠ ᠶᠢᠨ 15 ᠤ ᠡᠳᠦᠷ | | |