10 ᠰᠠᠷ᠎ᠠ ᠶᠢᠨ 15 ᠤ ᠡᠳᠤᠷ᠂ ᠠᠷᠤ ᠬᠤᠷᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠨᠢ ᠬᠤᠰᠢᠭᠤᠨ ᠲᠣᠳᠤᠭᠠᠲᠤ ᠶᠢ ᠬᠠᠮᠠᠭᠠᠯᠠᠬᠤ ᠲᠣᠪᠴᠢᠶ᠎ᠠ᠂ ᠲᠠᠷᠢᠶᠡᠯᠠᠩ ᠮᠠᠯ ᠠᠵᠤ | ᠠᠬᠤᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠥᠪᠯᠡᠯ᠂ ᠰᠤᠷᠭᠠᠨ ᠬᠦᠮᠤᠵᠢᠯ ᠤᠨ ᠲᠣᠪᠴᠢᠶ᠎ᠠ | ᠵᠡᠷᠭᠡ 19 ᠬᠤᠯᠪᠣᠭᠳᠠᠯ ᠪᠦᠬᠦᠢ ᠨᠢᠭᠡᠴᠡ ᠲᠠᠢ ᠬᠤᠯᠪᠣᠭᠠᠯᠠᠨ ︽ᠦᠨᠡᠨᠴᠢ ᠢᠳᠡᠭᠡᠮᠵᠢᠲᠡᠢ ᠪᠥᠭᠡᠳ ᠠᠷᠪᠢᠴᠢ | ᠪᠠᠶᠢᠬᠤ ᠶᠢ ᠡᠷᠬᠢᠮᠯᠡᠨ᠂ ᠢᠳᠡᠭᠡᠨ ᠤ ᠵᠦᠢᠯ ᠤᠨ ᠠᠮᠤᠷ ᠲᠦᠪᠰᠢᠨ ᠢ ᠬᠠᠮᠲᠤ ᠪᠠᠷ ᠪᠠᠲᠤᠯᠠᠶ᠎ᠠ︾ ᠭᠤᠣᠯ ᠰᠡᠲᠤᠪᠲᠤ | 2024 ᠣᠨ ᠤ ᠪᠥᠬᠦ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ | ᠲᠦᠪᠯᠡᠷᠡᠭᠦᠯᠦᠨ ᠤᠬᠠᠭᠤᠯᠬᠤ ᠠᠵᠢᠯᠯᠠᠭ᠎ᠠ ᠦᠷᠨᠢᠭᠦᠯᠪᠠ᠃ | | | | | | ᠬᠠᠮᠢᠶ᠎ᠠ ᠪᠦᠬᠦᠢ ᠠᠵᠢᠯᠲᠠᠳ ᠤᠷᠢᠳ ᠬᠤᠵᠢᠳ ᠬᠠᠤᠯᠢ ᠪᠠᠷ ᠵᠠᠰᠠᠬᠤ ᠰᠣᠶᠣᠯ ᠤᠨ ᠠᠭᠤᠳᠠᠮ ᠳᠠᠯᠠᠪᠠᠢ᠂ | ᠤᠯᠠᠭᠠᠡᠬᠠᠳᠠ ᠬᠤᠲᠠ ᠶᠢᠨ ᠴᠢᠪᠠᠭ᠎ᠠ ᠠᠷᠢᠬᠢᠨ ᠤ ᠣᠶᠢᠯᠠᠰ ᠤᠨ ᠬᠢᠵᠠᠭᠠᠷᠲᠤ ᠺᠣᠮᠫᠠᠨᠢ᠂ ᠴᠢᠪᠠᠭ᠎ᠠ ᠶᠢᠨ ᠨᠢᠭᠡᠳᠦᠭᠡᠷ | ᠳᠤᠮᠳᠠᠲᠤ ᠰᠤᠷᠭᠠᠭᠤᠯᠢ᠂ ᠷᠦᠨ ᠸᠠᠨ ᠵᠢᠶᠠ ᠬᠡᠳᠦ ᠳᠡᠯᠭᠡᠭᠦᠷ ︵ ᠶᠢᠨ ᠢᠣᠢ ᠳᠠᠬᠢ ᠳᠡᠯᠭᠡᠭᠦᠷ︶ ᠳᠤ ᠬᠦᠷᠴᠦ᠂ | ᠬᠦᠨᠳᠡᠯᠡᠨ ᠪᠢᠴᠢᠭᠡᠰᠦ ᠡᠯᠭᠦᠬᠦ᠂ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠤᠬᠠᠠᠭᠤᠯᠭᠠ ᠶᠢᠨ ᠮᠠᠲ᠋ᠧᠷᠢᠶᠠᠯ | ᠲᠠᠷᠬᠠᠭᠠᠬᠤ ᠪᠠ ᠲᠤᠬᠠᠢ ᠶᠢᠨ ᠳᠠᠯᠠᠪᠤᠷ ᠲᠤ ᠬᠠᠮᠢᠶ᠎ᠠ ᠪᠦᠬᠦᠢ ᠶᠠᠷᠤ ᠶᠢᠨ ᠮᠡᠳᠡᠯᠭᠡ ᠶᠢᠨ ᠲᠠᠶᠢᠯᠤᠮᠵᠢ ᠬᠢᠬᠦ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠲᠠᠮᠵᠢᠭᠤᠯᠤᠨ ᠲᠤᠬᠠᠢ ᠶᠢᠨ ᠳᠠᠯᠡᠪᠠᠢ ᠶᠢᠨ ᠤᠯᠠᠨ ᠲᠦᠮᠡᠨ᠂ ᠪᠠᠭᠰᠢ | ᠰᠣᠷᠤᠭᠴᠢᠳ᠂ ᠬᠡᠷᠡᠭᠯᠡᠭᠴᠢᠳ ᠵᠢᠴᠢ ᠬᠠᠮᠢᠶ᠎ᠠ ᠪᠦᠬᠦᠢ ᠬᠠᠷᠢᠭᠤᠴᠠᠯᠭᠠᠳᠠᠨ ᠪᠣᠯᠣᠨ ᠠᠵᠢᠯᠳᠡᠣᠨ ᠲᠤ ᠢᠳᠡᠭᠡᠨ ᠤ | ᠵᠣᠶᠢᠯ ᠤᠨ ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠤ᠂ | ᠢᠳᠡᠭᠡᠨ ᠤᠮᠲᠠᠭᠠᠨ ᠤ ᠠᠷᠢᠭᠤᠨ ᠴᠡᠪᠡᠷ ᠤᠨ ᠲᠤᠬᠠᠢ ᠠᠳᠡᠭᠦᠷᠡᠯ᠂ ᠬᠠᠭᠤᠷᠮᠠᠭ ᠮᠠᠭᠤ ᠦᠢᠯᠡᠳᠭᠦᠨ ᠢ ᠢᠯᠭᠠᠨ | ᠲᠠᠨᠢᠬᠤ ᠠᠷᠭ᠎ᠠ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠵᠡᠷᠭᠡ ᠬᠠᠮᠢᠶ᠎ᠠ ᠪᠦᠬᠦᠢ ᠶᠠᠷᠤ ᠶᠢᠨ ᠮᠡᠳᠡᠯᠭᠡ ᠶᠢ | ᠲᠠᠶᠢᠯᠪᠤᠷᠢᠯᠠᠭᠰᠠᠨ ᠪᠠᠶᠢᠨ᠎ᠠ᠃ | | | | | | ᠲᠣᠰ ᠤᠳᠠᠭᠠᠨ ᠤ ᠠᠵᠢᠯᠯᠠᠭ᠎ᠠ ᠨᠢ ᠤᠯᠠᠨ ᠶᠠᠩᠵᠤ ᠶᠢᠨ ᠤᠬᠠᠭᠤᠯᠭ᠎ᠠ ᠶᠢᠨ ᠠᠷᠭ᠎ᠠ ᠬᠡᠯᠪᠡᠷᠢ ᠪᠠᠷ | ᠢᠳᠡᠭᠡᠨ ᠤ ᠵᠦᠢᠯ ᠤᠨ ᠠᠮᠤᠷ ᠲᠦᠪᠰᠢᠨ ᠤ ᠮᠡᠳᠡᠯᠭᠡ ᠶᠢ ᠦᠷᠭᠡᠨ ᠢᠶᠠᠷ ᠲᠦᠭᠡᠮᠡᠯᠵᠢᠭᠦᠯᠵᠤ᠂ ᠣᠯᠠᠨ ᠨᠡᠶᠢᠳᠡ ᠶᠢᠨ | ᠢᠳᠡᠭᠡᠨ ᠤ ᠵᠣᠶᠢᠯ ᠤᠨ ᠠᠮᠤᠷ ᠲᠦᠪᠰᠢᠨ ᠤ ᠣᠬᠠᠮᠰᠡᠷ ᠢ ᠲᠡᠭᠡᠭᠰᠢᠯᠡᠭᠦᠯᠦᠨ᠂ ᠬᠦᠮᠤᠨ ᠪᠦᠬᠦᠨ ᠰᠡᠳᠭᠢᠯ ᠲᠠᠯᠪᠢᠵᠤ | ᠢᠳᠡᠭᠡᠨ ᠤ ᠵᠦᠢᠯ ᠤᠨ ᠠᠮᠤᠷ ᠲᠦᠪᠰᠢᠨ ᠢ ᠲᠡᠭᠡᠲᠤ ᠭᠡᠮᠵᠢᠶ᠎ᠡ ᠪᠠᠷ ᠴᠢᠬᠤᠯᠠᠴᠢᠯᠠᠬᠤ ᠨᠡᠶᠢᠭᠡᠮ ᠤᠨ ᠠᠭᠤᠷ | ᠠᠮᠢᠰᠬᠤᠯ ᠢ ᠪᠣᠢ ᠪᠣᠯᠭᠠᠵᠤ᠂ ᠨᠡᠶᠢᠭᠡᠮ ᠤᠨ ᠤᠬᠠᠭᠤᠯᠭ᠎ᠠ ᠶᠢᠨ ᠰᠠᠶᠢᠨ ᠦᠷ᠎ᠡ ᠪᠦᠲᠣᠮᠵᠢ ᠣᠯᠵᠤ᠂ ᠣᠯᠠᠨ | ᠲᠦᠮᠡᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠳᠤ ᠣᠷᠣᠯᠴᠠᠬᠤ ᠬᠡᠮᠵᠢᠶ᠎ᠠ ᠪᠠ ᠲᠠᠮᠵᠢᠬᠦ | ᠬᠡᠮᠵᠢᠶ᠎ᠡ ᠶᠢ ᠲᠡᠭᠡᠭᠰᠢᠯᠡᠭᠦᠯᠬᠦ ᠪᠠᠷ ᠵᠣᠷᠢᠯᠲᠠ ᠪᠣᠯᠭᠠᠭᠰᠠᠨ ᠶᠤᠮ᠃ | | | | ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠢᠳᠡᠭᠡᠨ ᠤ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠠᠨ ᠴᠢᠩᠭᠠᠳᠬᠠᠵᠤ᠂ ᠣᠯᠠᠨ ᠨᠡᠶᠢᠳᠡ ᠶᠢᠨ | ᠢᠳᠡᠭᠡᠨ ᠤ ᠵᠦᠢᠯ ᠤᠨ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠬᠠᠮᠲᠤ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠳᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠠᠨ ᠤ | ᠬᠤᠰᠢᠭᠤᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠬᠤ | ᠪᠣᠯᠣᠨ᠎ᠠ᠃ ︵ᠯᠢᠦ ᠰᠢᠨ ᠲᠢᠩ︶ | | |