ᠠᠷᠤ ᠬᠤᠷᠴᠢᠨ ᠬᠤᠰᠢᠭᠤᠨ ᠳᠤ ︽ᠬᠠᠤᠯᠢ ᠴᠠᠭᠠᠵᠠ ᠶᠢ ᠲᠦᠭᠡᠮᠡᠯᠵᠢᠭᠦᠯᠬᠦ ᠰᠠᠶᠢᠨ ᠲᠤᠷ᠎ᠠ ᠶᠢᠨ ᠠᠵᠢᠯᠯᠬᠠᠴᠢ︾ ᠳᠤ ᠲᠤᠭ ᠣᠯᠭᠤᠬᠤ ᠶᠣᠰᠤᠯᠠᠯ ᠵᠢᠴᠢ ︽ᠪᠣᠯᠪᠠᠰᠤᠨ ᠠᠷᠤ ᠬᠤᠷᠴᠢᠨ ᠬᠠᠤᠯᠢᠵᠢᠯ ᠢ  ᠲᠡᠷᠢᠭᠦᠨ ᠳᠤ ᠲᠠᠯᠪᠢᠬᠤ︾ ᠨᠣᠮ ᠪᠡᠯᠡᠭᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/10/17
       ︽ᠨᠠᠢᠮᠡᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠲᠦᠯᠥᠪᠵᠢᠭᠦᠯᠭᠡ ᠶᠢᠨ ᠬᠡᠷᠡᠭᠵᠢᠭᠦᠯᠤᠯᠲᠡ ᠶᠢ ᠬᠦᠨᠵᠡᠭᠡᠢ ᠲᠦᠯᠬᠢᠨ ᠠᠬᠢᠭᠤᠯᠬᠤ ᠶᠢᠨ ᠲᠦᠯᠥᠭᠡ᠂ ᠮᠠᠨ ᠤ ᠬᠤᠰᠢᠭᠤᠨ ᠤ ᠰᠠᠶᠢᠨ ᠳᠤᠷ᠎ᠠ  ᠶᠢᠨ ᠦᠢᠯᠡᠴᠢᠯᠡᠭᠡᠨ ᠤ ᠬᠦᠴᠤᠨ ᠢ ᠭᠦᠢᠴᠡᠳ ᠲᠠᠶᠢᠴᠢᠯᠠᠨ ᠨᠡᠶᠢᠳᠠ ᠶᠢᠨ ᠠᠰᠠᠷᠠᠮᠵᠢ ᠶᠢᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠨᠢᠭᠦᠯᠵᠤ᠂ ᠰᠠᠶᠢᠨ ᠳᠤᠷ᠎ᠠ ᠶᠢᠨ  ᠦᠢᠯᠡᠴᠢᠯᠡᠭᠡᠨ ᠤ ᠠᠷᠤ ᠬᠤᠷᠴᠢᠨ ᠬᠤᠰᠢᠭᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠠᠬᠢ ᠢᠳᠡᠪᠬᠢ ᠦᠢᠯᠡᠳᠣᠯ ᠢᠶᠠᠨ ᠦᠨᠡᠡᠬᠦ ᠪᠠᠲᠠᠷᠠᠭᠤᠯᠪᠠ᠃ 10 ᠰᠠᠷ᠎ᠠ ᠶᠢᠨ 14 ᠤ ᠡᠳᠤᠷ᠂ ᠠᠷᠤ ᠬᠤᠷᠴᠢᠨ ᠬᠤᠰᠢᠭᠤᠨ ᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠰᠠᠶᠢᠨ ᠲᠣᠷ᠎ᠠ ᠶᠢᠨ ᠠᠵᠢᠯᠯᠬᠠᠴᠢᠣᠨ ᠤᠨ ᠲᠤᠭ ᠤᠯᠭᠤᠬᠤ ᠶᠣᠰᠣᠯᠠᠯ ᠵᠢᠴᠢ ︽ᠪᠣᠯᠪᠠᠰᠤᠨ ᠠᠷᠤ ᠬᠤᠷᠴᠢᠨ ᠬᠠᠤᠯᠢᠵᠢᠯ ᠢ ᠲᠡᠷᠢᠭᠦᠨ ᠳᠤ ᠲᠠᠯᠪᠢᠬᠤ︾ ᠨᠣᠮ ᠪᠡᠯᠡᠭᠯᠡᠬᠦ ᠶᠣᠰᠣᠯᠠᠯ ᠬᠤᠰᠢᠭᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠦᠮᠤᠵᠢᠯ ᠤᠨ ᠰᠠᠭᠤᠷᠢᠨ ᠭᠠᠵᠠᠷ ᠲᠤ ᠶᠠᠪᠤᠭᠳᠠᠪᠠ᠃
       ᠶᠣᠰᠣᠯᠠᠯ ᠳᠡᠭᠡᠷ᠎ᠡ᠂ ᠡᠯ᠎ᠡ ᠬᠠᠤᠯᠢ ᠴᠠᠭᠠᠵᠠ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠶᠢᠨ ᠶᠡᠭᠡ ᠠᠩᠬᠢ ᠳᠤ ᠲᠤᠭ ᠣᠯᠭᠤᠭᠰᠠᠨ ᠪᠥᠭᠡᠳ ᠬᠠᠤᠯᠢ ᠴᠠᠭᠠᠵᠠ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠡᠭ᠌ᠴᠢ ᠳᠤ ᠦᠨᠡᠮᠯᠡᠯ ᠪᠣᠯᠣᠨ ᠬᠡᠮᠡᠷᠯᠢᠭ ᠪᠦᠴᠡ ᠤᠯᠭᠤᠵᠠᠢ᠃ ᠬᠠᠤᠯᠢ ᠴᠠᠭᠠᠵᠠ ᠶᠢ ᠲᠦᠭᠡᠮᠡᠯᠵᠢᠭᠦᠯᠬᠦ ᠰᠠᠶᠢᠨ ᠲᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠪᠠᠶᠢᠭᠠᠳ ᠬᠠᠤᠯᠢ ᠴᠠᠭᠠᠵᠠ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠶᠢᠨ ᠲᠠᠩᠭᠠᠷᠢᠭ ᠤᠨ ᠦᠭᠡᠰ ᠢ ᠲᠠᠬᠢᠨ ᠡᠷᠬᠢᠴᠡᠭᠦᠯᠵᠤ᠂ ᠡᠨᠡᠬᠦ ᠰᠦᠷ ᠵᠢᠪᠬᠤᠯᠠᠩᠳᠤ ᠰᠠᠶᠢᠨ ᠰᠠᠶᠢᠬᠠᠨ ᠴᠠᠭ ᠮᠥᠴᠠ ᠶᠢ ᠬᠠᠮᠳᠣᠪᠡᠷ  ᠡᠳ᠋ᠯᠡᠯ᠎ᠡ︕ ᠨᠣᠮ ᠪᠡᠯᠡᠭᠯᠡᠬᠦ ᠶᠣᠰᠣᠯᠠᠯ ᠳᠡᠭᠡᠷ᠎ᠡ᠂ ᠠᠷᠤ ᠬᠤᠷᠴᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠡᠯ᠎ᠡ ᠬᠠᠤᠯᠢ ᠴᠠᠭᠠᠵᠠ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢᠳ ᠤᠨ ᠶᠡᠭᠡ ᠠᠩᠭᠢ ᠳᠤ ᠬᠠᠤᠯᠢ ᠴᠠᠭᠠᠵᠠ ᠶᠢᠨ ᠬᠠᠮᠢᠶᠠᠲᠠᠢ ᠨᠣᠮ ᠪᠢᠴᠢᠭ ᠪᠡᠯᠡᠭᠯᠡᠵᠠᠢ᠃
       ᠠᠷᠤ ᠬᠤᠷᠴᠢᠨ ᠬᠤᠰᠢᠭᠤᠨ ᠤ ᠤᠯᠤᠰ ᠲᠦᠷᠤ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ᠂ ᠬᠠᠤᠯᠢᠴᠢ᠂ ᠬᠠᠤᠯᠢ ᠴᠠᠭᠠᠵᠠ ᠶᠢᠨ ᠣᠶᠢᠯᠠᠴᠢᠯᠡᠭᠡᠨ ᠤ ᠠᠵᠢᠯᠲᠠᠨ᠂ ᠬᠠᠤᠯᠢ ᠴᠠᠭᠠᠵᠠ ᠶᠢ ᠮᠡᠳᠡᠵᠤ ᠣᠶᠢᠯᠠᠭᠠᠬᠤ ᠬᠦᠮᠤᠨ᠂ ᠲᠣᠰᠬᠤᠨ ᠤ ᠺᠠᠳ᠋ᠷ ᠵᠡᠷᠭᠡ ᠬᠠᠤᠯᠢ ᠴᠠᠭᠠᠵᠠ ᠶᠢ ᠲᠦᠭᠡᠮᠡᠯᠵᠢᠭᠦᠯᠬᠦ 96 ᠨᠡᠷ᠎ᠡ ᠰᠠᠶᠢᠨ ᠳᠤᠷ᠎ᠠ ᠶᠢᠨ ᠠᠵᠢᠯᠯᠠᠭᠴᠢ ᠶᠢᠨ ᠲᠦᠯᠥᠭᠡᠯᠡᠭᠴᠢ᠂ 2024 ᠣᠨ ᠳᠤ ᠰᠢᠨ᠎ᠡ ᠪᠠᠷ ᠡᠯᠰᠡᠭᠰᠡᠨ 336 ᠨᠡᠷ᠎ᠡ ᠬᠠᠤᠯᠢ ᠴᠠᠭᠠᠵᠠ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠶᠣᠰᠣᠯᠠᠯ ᠳᠤ ᠣᠷᠣᠯᠴᠠᠵᠠᠢ᠃                                                ᠴᠢᠮᠡᠭᠡᠯᠡᠭᠴᠢ᠄ ᠮᠡᠷᠭᠡᠨ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号