ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ | ᠠᠯᠪᠠᠨ ᠭᠡᠷ ᠲᠦᠷᠦᠭᠦᠬᠡᠨ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ | ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠢ | ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2025 ᠣᠨ ᠤ ᠥᠪᠥᠷ ᠮᠣᠩᠭᠤᠯ ᠤᠨ | ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠨᠡᠷ᠎ᠡ ᠮᠡᠳᠡᠭᠦᠯᠬᠦ | ᠠᠵᠢᠯ ᠢ 2024 ᠣᠨ ᠤ 10 ᠰᠠᠷ᠎ᠠ ᠶᠢᠨ 21 ᠤ ᠡᠳᠦᠷ ᠤᠨ 9 ᠴᠠᠭ ᠲᠤ ᠡᠬᠢᠯᠡᠭᠦᠯᠵᠦ᠂ 2024 ᠣᠨ ᠤ | 11 ᠰᠠᠷ᠎ᠠ ᠶᠢᠨ 1 ᠤ ᠡᠳᠦᠷ ᠤᠨ 18 ᠴᠠᠭ ᠲᠤ ᠳᠠᠭᠤᠰᠬᠠᠬᠤ ᠪᠠᠷ ᠲᠣᠭᠲᠠᠪᠠ᠃ | ᠣᠶᠢᠯᠠᠭᠠᠭᠰᠠᠨ ᠢᠶᠠᠷ᠂ 2025 ᠣᠨ ᠤ ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠰᠢᠯᠭᠠᠯᠲᠠ ᠶᠢᠨ ᠨᠠᠮᠤᠷ ᠤᠨ ᠤᠯᠠᠷᠢᠯ ᠤᠨ ᠨᠢᠭᠡᠳᠦᠯᠲᠡᠶ ᠰᠢᠯᠭᠠᠯᠲᠠ ︵ᠪᠠᠭᠠᠴᠤᠳ ᠤᠨ ᠠᠩᠭᠢ᠂ | ᠣᠨᠴᠠᠭᠠᠶ ᠣᠷᠦ᠋ᠢᠯᠠᠭᠰᠠᠨ ᠴᠢᠳᠠᠪᠤᠷᠢᠲᠠᠨ ᠢ ᠰᠢᠯᠢᠨ ᠰᠣᠩᠭᠤᠬᠤ ᠲᠤᠷᠰᠢᠯᠲᠠ ᠪᠠᠭᠲᠠᠨ᠎ᠠ︶ ᠳᠤ ︽3+1+2︾ | ᠤᠨ ᠵᠠᠭᠪᠤᠷ ᠢ ᠬᠡᠷᠡᠭᠵᠢᠭᠦᠯᠵᠦ᠂ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠢᠴᠢᠶᠡᠯ ᠲᠥᠷᠥᠯ ᠪᠠ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠣᠩᠭᠤᠯᠲᠠ ᠶᠢᠨ | ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠢᠶᠠᠷ ᠪᠦᠷᠢᠯᠳᠦᠨ᠎ᠡ᠃ ᠡᠭᠦᠨ ᠳᠤ᠂ ︽3︾ ᠭᠡᠳᠡᠭ ᠨᠢ ᠪᠦᠬᠦ | ᠤᠯᠤᠰ ᠤᠨ ᠨᠢᠭᠡᠳᠦᠯᠲᠡᠶ ᠰᠢᠯᠭᠠᠬᠤ ᠬᠢᠴᠢᠶᠡᠯ ᠤᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ | ᠪᠣᠯᠤᠨ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠭᠡᠵᠦ | ᠬᠤᠪᠢᠶᠠᠬᠤ ᠦᠭᠡᠢ ᠪᠠᠷ ᠪᠣᠶ ᠪᠦᠬᠦᠢ ᠰᠢᠯᠭᠠᠭᠤᠯᠤᠭᠴᠢ ᠵᠠᠪᠠᠯ ᠰᠢᠯᠭᠠᠨ᠎ᠠ᠃ ︽1︾ ᠪᠠ ︽2︾ ᠭᠡᠳᠡᠭ ᠨᠢ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠣᠩᠭᠤᠯᠲᠠ ᠶᠢᠨ | ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠪᠣᠯᠤᠨ᠎ᠠ᠃ ︽1︾ ᠨᠢ ᠲᠡᠷᠢᠭᠦᠨ ᠰᠣᠩᠭᠤᠬᠤ ᠬᠢᠴᠢᠶᠡᠯ ᠲᠥᠷᠥᠯ | ᠪᠣᠯᠤᠨ᠎ᠠ᠂ ᠰᠢᠯᠭᠠᠭᠤᠯᠤᠭᠴᠢ ᠡᠷᠬᠡᠪᠰᠢ ᠹᠢᠽᠢᠺ᠂ ᠲᠡᠦᠬᠡ ᠶᠢᠨ ᠬᠢᠴᠢᠶᠡᠯ ᠲᠥᠷᠥᠯ ᠤᠨ ᠳᠣᠲᠣᠷ᠎ᠠ ᠠᠴᠠ 1 | ᠬᠢᠴᠢᠶᠡᠯ ᠢ ᠰᠣᠩᠭᠤᠬᠤ ᠬᠡᠷᠡᠭᠲᠡᠶ ᠪᠥᠭᠡᠳ ᠵᠥᠪᠬᠡᠨ 1 ᠬᠢᠴᠢᠶᠡᠯ ᠢ ᠨᠢ ᠰᠣᠩᠭᠤᠵᠤ ᠪᠣᠯᠤᠨ᠎ᠠ᠃ ︽2︾ ᠨᠢ | ᠳᠠᠬᠢᠨ ᠰᠣᠩᠭᠤᠬᠤ ᠬᠢᠴᠢᠶᠡᠯ ᠪᠠᠶᠢᠵᠤ᠂ ᠰᠢᠯᠭᠠᠭᠤᠯᠤᠭᠴᠢ ᠦᠵᠡᠯ ᠰᠠᠨᠠᠭ᠎ᠠ ᠤᠯᠤᠰ ᠲᠦᠷᠥ᠂ ᠭᠠᠵᠠᠷ ᠵᠦᠶ᠂ | ᠬᠢᠮᠢ᠂ ᠠᠮᠢᠳᠤ ᠪᠣᠳᠠᠰ ᠤᠨ ᠤᠬᠠᠭᠠᠨ ᠤ ᠬᠢᠴᠢᠶᠡᠯ ᠠᠴᠠ 2 ᠬᠢᠴᠢᠶᠡᠯ ᠲᠥᠷᠥᠯ ᠢ ᠰᠣᠩᠭᠤᠵᠤ ᠰᠢᠯᠭᠠᠬᠤ ᠪᠥᠭᠡᠳ | ᠵᠥᠪᠬᠡᠨ 2 ᠬᠢᠴᠢᠶᠡᠯ ᠲᠥᠷᠥᠯ ᠢ ᠰᠣᠩᠭᠤᠵᠤ ᠪᠣᠯᠤᠨ᠎ᠠ᠃ ᠤᠯᠤᠰ ᠤᠨ ᠨᠢᠭᠡᠳᠦᠯᠲᠡᠶ ᠰᠢᠯᠭᠠᠯᠲᠠ ᠳᠤ ᠣᠷᠣᠯᠴᠠᠬᠤ | ᠰᠢᠯᠭᠠᠭᠤᠯᠤᠭᠴᠢ ᠴᠥᠮ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠣᠰᠣᠭᠠᠷ ᠬᠠᠷᠠᠭᠠᠯᠵᠠᠭᠰᠠᠨ ᠬᠢᠴᠢᠶᠡᠯ ᠲᠥᠷᠥᠯ ᠤᠨ | ᠰᠢᠯᠭᠠᠯᠲᠠ ᠳᠤ ᠣᠷᠣᠯᠴᠠᠬᠤ ᠬᠡᠷᠡᠭᠲᠡᠶ᠂ ᠪᠡᠶ᠎ᠡ ᠶᠢᠨ ᠲᠠᠮᠢᠷ ᠤᠨ ᠲᠥᠷᠥᠯ᠂ ᠤᠷᠠᠯᠢᠭ ᠤᠨ ᠲᠥᠷᠥᠯ ᠵᠡᠷᠭᠡ ᠲᠤᠰᠬᠠᠶ | ᠮᠡᠷᠭᠡᠵᠢᠯ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠪᠠᠰᠠ ᠡᠷᠬᠡᠪᠰᠢ ᠬᠤᠯᠪᠣᠭᠳᠠᠯ ᠪᠦᠬᠦᠢ ᠱᠠᠭᠠᠷᠳᠠᠯᠭ᠎ᠠ | ᠶᠣᠰᠣᠭᠠᠷ ᠬᠠᠷᠠᠭᠠᠯᠵᠠᠭᠰᠠᠨ ᠲᠤᠰᠬᠠᠶ ᠮᠡᠷᠭᠡᠵᠢᠯ ᠤᠨ ᠰᠢᠯᠭᠠᠯᠲᠠ ᠳᠤ ᠣᠷᠣᠯᠴᠠᠬᠤ ᠬᠡᠷᠡᠭᠲᠡᠶ᠃ | ᠮᠡᠳᠡᠭᠳᠡᠯ ᠳᠤ᠂ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ | ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠬᠦ ᠪᠠᠷ ᠭᠤᠶᠤᠴᠢᠯᠠᠭᠰᠠᠨ | ᠪᠤᠢ ᠪᠦᠬᠦᠢ ᠬᠥᠮᠦᠰ ᠡᠷᠬᠡᠪᠰᠢ 2024 ᠣᠨ ᠤ 10 ᠰᠠᠷ᠎ᠠ ᠶᠢᠨ 21 ᠤ ᠡᠳᠦᠷ ᠠᠴᠠ 11 ᠰᠠᠷ᠎ᠠ ᠶᠢᠨ 1 ᠤ | ᠡᠳᠦᠷ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ | ᠬᠦᠷᠢᠶᠡᠯᠡᠩ ᠤᠨ ᠰᠢᠯᠭᠠᠭᠤᠯᠤᠭᠴᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠭᠠᠷᠴᠤ ᠰᠦᠯᠵᠢᠶᠡᠨ | ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ᠂ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠬᠠᠷᠭᠤᠭᠤᠯᠬᠤ ᠰᠦᠯᠵᠢᠶᠡᠨ | ᠳᠡᠭᠡᠷ᠎ᠡ ᠰᠦᠢᠳᠬᠡᠯ ᠲᠤᠰᠢᠶᠠᠬᠤ ᠪᠠ ᠲᠤᠬᠠᠶ ᠶᠢᠨ ᠲᠠᠯᠠᠪᠤᠷ ᠲᠤ ᠨᠤᠲᠠᠯᠠᠬᠤ ᠵᠡᠷᠭᠡ ᠨᠡᠷ᠎ᠡ ᠮᠡᠳᠡᠭᠦᠯᠬᠦ ᠭᠠᠷ | ᠭᠦᠢᠴᠡᠳᠬᠡᠯ ᠢ ᠬᠢᠵᠦ ᠳᠠᠭᠤᠰᠬᠠᠬᠤ ᠬᠡᠷᠡᠭᠲᠡᠶ᠂ ᠬᠤᠭᠤᠴᠠᠭ᠎ᠠ ᠥᠩᠭᠡᠷᠡᠪᠡᠯ ᠬᠦᠯᠢᠶᠡᠨ ᠠᠪᠴᠤ ᠰᠢᠢᠳᠪᠦᠷᠢᠯᠡᠬᠦ | ᠦᠭᠡᠢ ᠭᠡᠵᠦ ᠲᠣᠳᠣᠷᠬᠠᠶ ᠲᠣᠭᠲᠠᠭᠠᠪᠠ᠃ | ᠮᠡᠳᠡᠭᠳᠡᠯ ᠳᠤ᠂ ᠤᠯᠤᠰ ᠤᠨ ᠨᠢᠭᠡᠳᠦᠯᠲᠡᠶ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠪᠣᠯ ᠰᠢᠯᠭᠠᠯᠲᠠ ᠶᠢᠨ | ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠰᠠᠭᠤᠷᠢ ᠪᠠ ᠤᠷᠢᠲᠠᠯ ᠮᠥᠨ᠂ ᠡᠨᠡ ᠨᠢ ᠥᠷᠭᠡᠨ ᠣᠯᠠᠨ | ᠰᠢᠯᠭᠠᠭᠤᠯᠤᠭᠴᠢ ᠶᠢᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ ᠪᠣᠯᠬᠤᠷ ᠡᠯ᠎ᠡ ᠭᠠᠵᠠᠷ ᠤᠨ | ᠬᠢᠨ ᠠᠵᠢᠯ ᠤᠨ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠨᠡᠷ᠎ᠡ ᠮᠡᠳᠡᠭᠦᠯᠬᠦ ᠬᠢᠷᠢ ᠬᠡᠮ ᠤᠨ ᠬᠢᠨᠠᠨ | ᠬᠠᠷᠭᠤᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠨᠡᠷ᠎ᠡ ᠮᠡᠳᠡᠭᠦᠯᠵᠦ ᠳᠠᠭᠤᠰᠤᠭᠰᠠᠨ ᠤ | ᠳᠠᠷᠠᠭ᠎ᠠ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠤᠨ ᠡᠷᠦᠬᠡ ᠠᠮᠠ ᠶᠢᠨ ᠬᠠᠷᠢᠶ᠎ᠠ ᠶᠢᠨ ᠮᠡᠳᠡᠭᠡ ᠵᠠᠩᠭᠢ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠤᠨ ᠭᠠᠶᠢᠯᠢ ᠲᠤᠰᠢᠶᠠᠭᠰᠠᠨ ᠮᠡᠳᠡᠭᠡ ᠵᠠᠩᠭᠢ ᠵᠡᠷᠭᠡ ᠲᠠᠢ ᠬᠠᠷᠭᠤᠭᠤᠯᠤᠨ ᠰᠢᠯᠭᠠᠵᠤ᠂ | ᠬᠤᠳᠠᠯ ᠬᠠᠭᠤᠷᠮᠠᠭ ᠬᠤᠪᠢ ᠬᠥᠮᠦᠨ ᠤ ᠮᠡᠳᠡᠭᠡ ᠵᠠᠩᠭᠢ ᠬᠠᠩᠭᠠᠭᠰᠠᠨ᠂ ᠬᠤᠳᠠᠯ ᠬᠠᠭᠤᠷᠮᠠᠭ ᠮᠠᠲ᠋ᠧᠷᠢᠶᠠᠯ ᠢᠶᠠᠷ ᠨᠡᠷ᠎ᠡ | ᠮᠡᠳᠡᠭᠦᠯᠬᠦ ᠬᠢᠷᠢ ᠬᠡᠮ ᠣᠯᠤᠭᠰᠠᠨ᠂ ᠨᠥᠬᠦᠴᠡᠯ ᠳᠤ ᠨᠡᠶᠢᠴᠡᠬᠦ ᠦᠭᠡᠢ ᠪᠣᠯᠪᠠᠴᠤ ᠨᠡᠷ᠎ᠡ ᠮᠡᠳᠡᠭᠦᠯᠦᠭᠰᠡᠨ᠂ ᠪᠠᠶᠢᠴᠠᠭᠠᠨ | ᠲᠣᠲᠣᠯᠠᠭᠰᠠᠨ ︽ᠤᠯᠤᠰ ᠤᠨ ᠨᠢᠭᠡᠳᠦᠯᠲᠡᠶ ᠰᠢᠯᠭᠠᠯᠲᠠ ᠶᠢᠨ ᠨᠡᠭᠦᠳᠡᠯ ᠠᠷᠠᠳ︾ ᠵᠡᠷᠭᠡ ᠰᠢᠯᠭᠠᠭᠤᠯᠤᠭᠰᠠᠳ ᠢ | ᠰᠢᠯᠭᠠᠯᠲᠠ ᠠᠴᠠ ᠡᠮᠦᠨ᠎ᠡ ᠪᠠᠶᠢᠴᠠᠭᠠᠨ ᠲᠣᠳᠣᠯᠠᠭᠰᠠᠨ ᠪᠠᠶᠢᠪᠠᠯ ᠨᠡᠷ᠎ᠡ ᠮᠡᠳᠡᠭᠦᠯᠬᠦ ᠬᠢᠷᠢ ᠬᠡᠮ ᠪᠠ ᠰᠢᠯᠭᠠᠬᠤ ᠬᠢᠷᠢ | ᠬᠡᠮ ᠢ ᠨᠢ ᠬᠦᠴᠦᠨ ᠦᠭᠡᠢ ᠪᠣᠯᠭᠠᠵᠤ᠂ ᠰᠢᠯᠭᠠᠯᠲᠠ ᠶᠢᠨ ᠳᠠᠷᠠᠭ᠎ᠠ ᠪᠠᠶᠢᠴᠠᠭᠠᠨ ᠲᠣᠳᠣᠯᠠᠭᠰᠠᠨ ᠪᠠᠶᠢᠪᠠᠯ | ᠰᠢᠯᠭᠠᠯᠲᠠ ᠶᠢᠨ ᠬᠢᠷᠢ ᠪᠦᠲᠦᠮᠵᠢ ᠪᠠ ᠡᠯᠰᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠡᠯᠰᠡᠭᠳᠡᠭᠰᠡᠨ ᠤ | ᠳᠠᠷᠠᠭ᠎ᠠ ᠪᠠᠶᠢᠴᠠᠭᠠᠨ ᠲᠣᠳᠣᠯᠠᠭᠰᠠᠨ ᠪᠠᠶᠢᠪᠠᠯ ᠰᠤᠷᠭᠠᠭᠤᠯᠢ ᠳᠤ ᠣᠷᠣᠬᠤ ᠬᠢᠷᠢ ᠬᠡᠮ ᠢ ᠨᠢ ᠬᠦᠴᠦᠨ ᠦᠭᠡᠢ | ᠪᠣᠯᠭᠠᠵᠤ᠂ ᠨᠢᠭᠡᠨᠲᠡ ᠰᠤᠷᠭᠠᠭᠤᠯᠢ ᠳᠤ ᠤᠷᠤᠭᠰᠠᠨ ᠪᠠᠶᠢᠪᠠᠯ ᠰᠤᠷᠤᠯᠭ᠎ᠠ ᠶᠢᠨ ᠨᠠᠮᠲᠠᠷ ᠢ ᠨᠢ ᠬᠦᠴᠦᠨ ᠦᠭᠡᠢ | ᠪᠣᠯᠭᠠᠬᠤ ᠶᠢᠨ ᠬᠠᠮᠲᠤ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠡᠯ᠎ᠡ ᠲᠥᠷᠥᠯ ᠤᠨ | ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠳᠤ 1- 3 ᠵᠢᠯ ᠣᠷᠣᠯᠴᠠᠬᠤ ᠶᠢ ᠨᠢ ᠲᠦᠷ ᠵᠣᠭᠰᠣᠭᠠᠬᠤ ᠪᠠᠷ | ᠰᠢᠢᠳᠪᠦᠷᠢᠯᠡᠨ᠎ᠡ᠃ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠤᠯᠤᠰ ᠤᠨ ᠰᠤᠷᠭᠠᠨ ᠬᠥᠮᠦᠵᠢᠯ ᠤᠨ | ᠰᠢᠯᠭᠠᠯᠲᠠ ᠶᠢᠨ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠪᠠ ︽ᠬᠤᠶᠠᠷ ᠢ ᠵᠠᠷᠯᠠᠨ ᠨᠡᠶᠢᠲᠡᠯᠡᠬᠦ︾ ᠮᠡᠳᠡᠭᠡ | ᠵᠠᠩᠭᠢ ᠶᠢᠨ ᠰᠢᠰᠲ᠋ᠧᠮ ᠳᠤ ᠲᠡᠮᠳᠡᠭᠯᠡᠨ ᠣᠷᠣᠭᠤᠯᠤᠨ᠎ᠠ᠃ ︵ᠤᠮᠠᠷᠠᠲᠤ ᠶᠢᠨ ᠰᠦᠯᠵᠢᠶ᠎ᠡ︶ | |