ᠴᠧᠨ ᠬᠤ᠋ ᠨᠠᠨ ᠬᠤᠰᠢᠭᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ 2024 ᠣᠨ ᠤ 10 ᠳ᠋ᠤᠭᠠᠷ ᠤᠳᠠᠭ᠎ᠠ ᠶᠢᠨ ︵ᠦᠷᠭᠡᠳᠭᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/21
       ᠣᠶᠢᠷ᠎ᠠ ᠶᠢᠨ ᠡᠳᠣᠷ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠣᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠣᠳᠣᠷᠢᠣᠡᠬᠤ ᠲᠤᠭᠤᠶᠢᠯᠠᠩ ᠤᠨ 2024 ᠣᠨ ᠤ 10 ᠳ᠋ᠤᠭᠠᠷ ᠤᠳᠠᠭ᠎ᠠ ᠶᠢᠨ ︵ᠦᠷᠭᠡᠳᠭᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠵᠠᠰᠠᠭ ᠤᠨ ᠣᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠤᠭᠦᠨ ᠬᠤᠷᠠᠯ ᠳᠤ ᠤᠷᠤᠯᠴᠠᠵᠤ᠂ ᠨᠠᠮ ᠤᠨ ᠤᠳᠤᠷᠢᠳᠬᠤ ᠲᠣᠭᠤᠶᠢᠯᠠᠩ ᠤᠨ ᠪᠦᠷᠢᠯᠳᠤᠭᠦᠨ ᠪᠤᠰᠤ  ᠬᠤᠰᠢᠭᠤᠨ  ᠲᠡᠳ᠋  ᠳᠠᠷᠤᠭ᠎ᠠ  ᠬᠤᠷᠠᠯ   ᠳᠤ  ᠰᠤᠯᠠ  ᠣᠷᠣᠯᠴᠠᠪᠠ᠃        ᠬᠤᠷᠠᠯ ᠠᠴᠠ ᠶᠡᠷᠤᠩᠬᠡᠢ ᠱᠦᠵᠢ ᠰᠢ ᠶᠢᠨ ᠫᠢᠩ ᠹᠦᠵᠢᠶᠠᠨ ᠳᠤ ᠰᠢᠨᠵᠢᠯᠠᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠵᠡᠷᠭᠡ ᠣᠶᠢᠷ᠎ᠠ ᠶᠢᠨ ᠬᠤᠭᠤᠴᠠᠭᠠᠨ ᠤ ᠰᠢ ᠶᠢᠨ ᠫᠢᠩ ᠶᠡᠷᠤᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠧᠨ ᠬᠤ᠋ ᠨᠠᠨ ᠠᠴᠠ ᠬᠤᠰᠢᠭᠤᠨ ᠵᠠᠰᠠᠭ ᠤᠨ ᠣᠷᠳᠤᠨ ᠤ ᠡᠯ᠎ᠡ ᠨᠠᠮ ᠤᠨ ᠤᠳᠤᠷᠢᠳᠬᠤ ᠲᠣᠭᠤᠶᠢᠯᠠᠩ ᠤᠨ ᠭᠡᠰᠢᠭᠦᠨ᠂ ᠲᠡᠳ᠋ ᠳᠠᠷᠤᠭ᠎ᠠ ᠰᠢ ᠶᠢᠨ ᠫᠢᠩ ᠶᠠᠷᠤᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠬᠤᠷᠪᠠᠲᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ᠲᠠᠪᠤᠨ ᠶᠡᠭᠡ ᠡᠭᠦᠷᠭᠡ ᠶᠢ ᠰᠠᠶᠢᠲᠤᠷ ᠪᠠᠶᠡᠯᠡᠭᠦᠯᠬᠦ ᠶᠢᠨ ᠲᠣᠭᠤᠷᠢᠨ ᠳᠤ ︽ᠵᠢᠷᠭᠤᠭᠠᠨ  ᠢᠡᠵᠧᠨᠧᠷᠢᠩ︾ ᠢ ᠰᠠᠶᠢᠳᠣᠷ ᠬᠡᠷᠡᠭᠵᠢᠭᠦᠯᠵᠦ᠂ ᠠᠷᠤ ᠬᠤᠷᠴᠢᠨ ᠬᠤᠰᠢᠭᠤᠨ ᠤ ᠬᠥᠭᠵᠢᠯᠲᠠ ᠶᠢᠨ ᠪᠤᠳᠠᠲᠠᠢ ᠳᠤ ᠰᠠᠭᠤᠷᠢᠯᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠷᠠᠯᠲᠠ ᠡᠭᠦᠷᠭᠡ᠂ ᠰᠡᠳᠬᠢᠮᠵᠢ ᠠᠷᠭ᠎ᠠ ᠬᠡᠮᠵᠢᠶ᠎ᠠ ᠪᠠ ᠲᠦᠷᠤᠯ ᠵᠦᠢᠯ ᠤᠨ ᠠᠴᠢᠶᠡᠯᠡᠪᠤᠷᠢ ᠶᠢ ᠲᠦᠯᠤᠪᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠡᠬᠢ ᠪᠡᠶᠡᠯᠢᠭ᠋ ᠤᠨ ᠡᠬᠢ ᠰᠤᠷᠪᠤᠯᠵᠢ ᠪᠠ ᠠᠵᠤ ᠣᠶᠢᠯᠡᠰ ᠤᠨ ᠰᠠᠭᠤᠷᠢ ᠳᠤ ᠲᠦᠰᠢᠭᠯᠡᠨ᠂ ᠣᠶᠣᠨᠲᠤ ᠲᠠᠷᠢᠶᠡᠯᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠳᠡᠭᠡ ᠲᠣᠰᠬᠤᠨ᠂ ᠦᠷ᠎ᠡ ᠶᠢᠨ ᠦᠢᠯᠡᠰ ᠢ ᠬᠥᠭᠵᠢᠭᠦᠯᠤᠨ ᠮᠠᠨᠳᠤᠭᠤᠯᠬᠤ᠂ ᠣᠢ ᠶᠢᠨ ᠬᠤᠷᠮᠤᠢ ᠶᠢᠨ ᠠᠵᠤ ᠠᠬᠤᠢ᠂ ᠠᠵᠤ ᠦᠢᠯᠡᠳᠪᠤᠷᠢ ᠶᠢᠨ ᠲᠣᠭᠠᠴᠢᠯᠡᠯᠲᠡ ᠵᠡᠷᠭᠡ ᠬᠦᠷᠢᠶᠡᠨ ᠳᠤ ᠠᠩᠬᠠᠷᠤᠯ ᠢᠶᠠᠨ ᠲᠦᠪᠯᠡᠷᠡᠭᠦᠯᠤᠨ ᠵᠤᠯᠭᠠᠭᠤᠯᠤᠨ ᠬᠠᠮᠳᠤᠷᠠᠯᠴᠠᠬᠤ᠂ ᠮᠡᠷᠭᠡᠵᠢᠯ ᠤᠨ ᠪᠣᠭᠤᠮᠳᠠ ᠰᠢᠪᠳᠤᠯᠬᠤ ᠶᠢ ᠢᠳᠡᠪᠬᠢᠲᠡᠢ ᠦᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠲᠡᠰᠤᠷᠠᠯᠲᠠ ᠦᠭᠡᠢ ᠲᠠᠶᠢᠴᠢᠯᠠᠬᠤ ᠬᠡᠷᠡᠭᠲᠡᠢ᠃ ᠦᠭᠡᠷᠡᠴᠢᠯᠡᠯᠲᠠ ᠶᠢ ᠬᠦᠨᠵᠡᠭᠡᠶᠢᠷᠡᠭᠦᠯᠬᠦ᠂ ᠨᠡᠬᠡᠭᠡᠯᠲᠡ ᠶᠢ ᠦᠷᠭᠡᠳᠭᠡᠬᠦ ᠪᠠᠷ ᠬᠦᠳᠡᠯᠭᠡᠬᠦ ᠬᠦᠴᠦᠨ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠤᠯᠳᠠᠯᠭ᠎ᠠ ᠲᠠᠢ ᠬᠦᠷᠢᠶᠡᠨ ᠤ ᠪᠠᠶᠢᠭᠤᠯᠤᠮᠵᠢ ᠲᠣᠭᠲᠠᠴᠠ ᠶᠢᠨ ᠦᠭᠡᠷᠡᠴᠢᠯᠡᠯᠲᠠ ᠶᠢ ᠯᠠᠪᠳᠠᠭᠤᠨ ᠪᠠᠲᠤᠲᠠᠢ ᠦᠷᠨᠢᠭᠦᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠬᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢᠨ ᠲᠣᠭᠤᠷᠢᠨ ᠳᠤ ᠰᠤᠷᠭᠠᠨ ᠬᠦᠮᠤᠵᠢᠯ ᠡᠮ ᠡᠮᠨᠠᠯᠭᠡ᠂ ᠨᠠᠰᠤᠵᠢᠯ ᠤᠨ ᠠᠰᠠᠷᠠᠮᠵᠢ ᠨᠡᠶᠢᠲᠠᠨ ᠬᠠᠮᠢᠶᠠᠷᠠᠭᠤᠯᠬᠤ ᠴᠡᠴᠡᠷᠯᠢᠭ᠂ ᠬᠠᠬᠢᠷ ᠭᠦᠢᠲᠡᠨ ᠡᠪᠦᠯ ᠢ ᠬᠠᠯᠠᠭᠤᠨ ᠳᠤᠯᠠᠭᠠᠨ ᠦᠩᠭᠡᠷᠡᠭᠦᠯᠬᠦ ᠵᠡᠷᠭᠡ ᠠᠵᠢᠯ ᠢ ᠰᠠᠶᠢᠲᠤᠷ ᠬᠢᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠠᠰᠠᠷᠠᠨ ᠲᠡᠵᠢᠭᠡᠬᠦ᠂ ᠡᠮ ᠡᠮᠨᠠᠯᠭᠡ ᠠᠪᠤᠷᠠᠨ ᠲᠣᠰᠠᠯᠠᠬᠤ᠂ ᠲᠦᠷ ᠴᠠᠭ ᠤᠨ ᠠᠪᠤᠷᠠᠨ ᠲᠣᠰᠠᠯᠠᠬᠤ ᠵᠡᠷᠭᠡ ᠪᠠᠶᠢᠭᠤᠯᠤᠮᠵᠢ ᠲᠣᠭᠲᠠᠴᠠ ᠶᠢ ᠲᠡᠭᠦᠯᠳᠠᠷᠵᠢᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠦᠷ᠎ᠡ ᠠᠰᠢᠭ ᠢ ᠪᠠᠲᠤᠯᠠᠨ ᠰᠠᠶᠢᠵᠢᠷᠠᠭᠤᠯᠬᠤ ᠶᠢ ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃        ᠬᠤᠷᠠᠯ ᠠᠴᠠ ᠬᠤᠰᠢᠭᠤᠨ ᠵᠠᠰᠠᠭ ᠤᠨ ᠤᠷᠳᠣᠨ ᠤ ᠠᠵᠢᠯ ᠤᠨ ᠬᠠᠮᠤᠭ ᠤᠨ ᠰᠢᠨ᠎ᠡ ᠬᠤᠪᠢᠶᠠᠷᠢᠯᠠᠯ ᠢ ᠰᠤᠳᠤᠯᠤᠨ ᠪᠠᠲᠤᠯᠠᠪᠠ᠃        ᠴᠧᠨ ᠬᠤ᠋ ᠨᠠᠨ ᠬᠤᠰᠢᠭᠤᠨ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠰᠢᠨ᠎ᠠ ᠪᠦᠷᠢᠯᠳᠤᠭᠦᠨ ᠨᠡᠮᠡᠭᠳᠡᠭᠰᠡᠨ ᠨᠢ ᠵᠠᠰᠠᠭ ᠤᠨ ᠤᠷᠳᠤᠨ ᠤ ᠰᠢᠰᠲ᠋ᠧᠮ ᠳᠤ ᠰᠢᠨ᠎ᠡ ᠠᠮᠢᠵᠢᠷᠡᠯ ᠤᠨ ᠬᠦᠴᠦᠨ ᠤᠯᠭᠤᠭᠰᠠᠨ ᠪᠠᠶᠢᠨ᠎ᠠ᠃ ᠪᠦᠬᠦ ᠤᠳᠤᠷᠢᠳᠬᠤ ᠪᠠᠭ ᠤᠨ ᠪᠦᠷᠢᠯᠳᠤᠭᠦᠨ ᠢᠮᠬᠠᠲᠠ ᠬᠠᠷᠢᠭᠤᠴᠠᠯᠭ᠎ᠠ ᠡᠭᠦᠷᠭᠡᠯᠡᠬᠦ ᠵᠣᠷᠢᠭ᠂ ᠪᠦᠯᠭᠦᠮᠳᠡᠯ ᠤᠨ ᠬᠦᠴᠣᠨ᠂ ᠪᠤᠳᠠᠲᠠᠢ ᠪᠠᠷ ᠠᠵᠢᠯᠯᠠᠬᠤ ᠰᠤᠷᠳᠠᠯ᠂ ᠠᠷᠢᠭᠤᠨ ᠴᠢᠭᠡᠴᠢ ᠪᠠᠶᠢᠬᠤ ᠰᠡᠳᠭᠢᠯᠭᠡ ᠶᠢ ᠪᠠᠷᠢᠮᠳᠠᠯᠠᠵᠤ᠂ ᠠᠯᠬᠤᠮ ᠠᠯᠬᠤᠮ ᠢᠶᠠᠷ ᠠᠵᠢᠯ ᠢᠶᠠᠨ ᠨᠠᠷᠢᠨ ᠨᠡᠶᠢᠲᠡᠪᠤᠷᠢᠵᠢᠭᠤᠯᠵᠤ᠂ ᠪᠤᠳᠠᠲᠠᠢ ᠳᠤ ᠨᠡᠶᠢᠲᠡᠪᠤᠷᠢᠵᠢᠭᠤᠯᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠰᠢᠨ᠎ᠡ ᠳᠡᠭᠳᠡᠷ ᠲᠤ ᠭᠠᠷᠬᠤ᠂ ᠰᠢᠨ᠎ᠡ ᠦᠷ᠎ᠡ ᠪᠦᠲᠣᠮᠵᠢ ᠣᠯᠬᠤ ᠶᠢ ᠬᠠᠮᠳᠤᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ ᠪᠠᠰᠠ ᠪᠥᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠠᠶᠡᠯᠡᠭᠦᠯᠬᠦ ᠶᠢᠨ ᠲᠣᠭᠤᠷᠢᠨ ᠳᠤ ᠲᠦᠷᠪᠡᠳᠦᠭᠡᠷ ᠤᠯᠠᠷᠢᠯ ᠤᠨ ᠠᠵᠤ ᠠᠬᠤᠢ ᠶᠢᠨ ᠡᠷᠬᠢᠯᠲᠡ᠂ ᠲᠦᠷᠤᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠢᠷᠡᠬᠦ ᠵᠢᠯ ᠤᠨ ᠭᠤᠣᠯᠳᠠᠯᠭ᠎ᠠ ᠲᠠᠢ ᠲᠦᠯᠥᠪᠵᠢᠭᠦᠯᠭᠡ ᠵᠡᠷᠭᠡ ᠠᠵᠢᠯ ᠢ ᠳᠣᠬᠢᠷᠠᠭᠤᠯᠤᠨ ᠪᠠᠶᠢᠷᠢᠯᠠᠭᠤᠯᠵᠠᠢ᠃  
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号