ᠮᠠᠨ ᠤ ᠣᠷᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠲᠣᠮᠣ | ᠣᠷᠣᠨ ᠠᠴᠠ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠡᠯᠪᠡᠷᠢ ᠪᠠᠨ | ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠡᠨᠡ ᠵᠢᠯ ᠪᠦᠬᠦ ᠣᠷᠣᠨ ᠤ ᠮᠠᠯ ᠠᠵᠤ ᠠᠬᠤᠶ ᠲᠠᠷᠢᠶᠠᠯᠠᠩ ᠤᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠰᠢᠨ᠎ᠡ ᠳᠡᠭᠲᠡᠷ ᠲᠤ ᠭᠠᠷᠪᠠ᠃ | ᠮᠠᠨ ᠤ ᠣᠷᠣᠨ ᠡᠨᠡ ᠵᠢᠯ ᠠᠮᠤ ᠪᠤᠳᠠᠭᠠᠨ ᠤ ᠲᠠᠷᠢᠮᠠᠯ᠂ ᠰᠢᠷ᠎ᠠ ᠪᠤᠷᠴᠠᠭ ᠪᠠ ᠲᠤᠰᠣᠯᠢᠭ ᠲᠠᠷᠢᠮᠠᠯ ᠤᠨ | ᠲᠠᠯᠠᠪᠠᠢ ᠶᠢ ᠲᠣᠭᠲᠠᠭᠤᠨ ᠤ ᠳᠤᠮᠳᠠ ᠨᠡᠮᠡᠭᠳᠡᠭᠦᠯᠵᠦ᠂ ᠤᠯᠤᠰ ᠠᠴᠠ ᠪᠠᠭᠤᠯᠭᠠᠭᠰᠠᠨ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠪᠡ᠃ ᠡᠷᠳᠡᠨᠢ ᠰᠢᠰᠢ᠂ ᠪᠣᠭᠤᠳᠠᠢ᠂ ᠣᠰᠤᠨ ᠲᠤᠲᠤᠷᠭ᠎ᠠ ᠵᠡᠷᠭᠡ ᠭᠤᠷᠪᠠᠨ ᠶᠡᠭᠡ ᠠᠮᠤ ᠪᠤᠳᠠᠭᠠᠨ ᠤ | ᠲᠠᠷᠢᠮᠠᠯ ᠤᠨ ᠥᠪᠡᠷ ᠤᠨ ᠥᠷᠲᠡᠭ ᠤᠨ ᠪᠦᠷᠢᠨ ᠳᠠᠭᠠᠳᠬᠠᠯ ᠢ ᠠᠮᠤ ᠪᠤᠳᠠᠭᠠᠨ ᠤ ᠭᠠᠷᠤᠯᠲᠠ ᠶᠢᠨ ᠶᠡᠭᠡ ᠰᠢᠶᠠᠨ ᠢ | ᠪᠦᠬᠦᠨ ᠢ ᠬᠠᠮᠤᠷᠤᠭᠤᠯᠵᠤ᠂ ᠮᠠᠯᠴᠢᠨ ᠲᠠᠷᠢᠶᠠᠴᠢᠳ ᠤᠨ ᠠᠮᠤ ᠪᠤᠳᠠᠭᠠᠨ ᠤ ᠲᠠᠷᠢᠮᠠᠯ ᠲᠠᠷᠢᠬᠤ ᠳᠤ ᠬᠦᠴᠦᠲᠦ | ᠪᠠᠲᠤᠯᠠᠭ᠎ᠠ ᠬᠠᠩᠭᠠᠪᠠ᠃ ᠡᠭᠦᠨ ᠤ ᠬᠠᠮᠲᠤ ᠡᠷᠳᠡᠨᠢ ᠰᠢᠰᠢ᠂ ᠰᠢᠷ᠎ᠠ ᠪᠤᠷᠴᠠᠭ ᠤᠨ ᠮᠦ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢ 405 ᠲᠦᠮᠡᠨ ᠮᠦ ᠬᠡᠷᠡᠭᠵᠢᠭᠦᠯᠦᠨ᠂ ᠡᠭᠦᠷᠭᠡ ᠪᠠ ᠪᠡᠯᠡ | ᠣᠷᠣᠭᠤᠯᠤᠯᠲᠠ ᠶᠢᠨ ᠲᠠᠯ᠎ᠠ ᠪᠠᠷ ᠴᠥᠮ ᠪᠦᠬᠦ ᠤᠯᠤᠰ ᠤᠨ ᠲᠦᠷᠦᠭᠦᠨ ᠳᠤ ᠣᠷᠣᠵᠤ᠂ ᠠᠮᠤ ᠲᠣᠰᠣᠨ ᠤ ᠲᠠᠷᠢᠮᠠᠯ | ᠵᠡᠷᠭᠡ ᠭᠤᠤᠯ ᠪᠣᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠤ | ᠲᠠᠯᠠᠪᠠᠢ 1040 ᠲᠦᠮᠡᠨ ᠮᠦ ᠳᠤ ᠬᠦᠷᠴᠦ᠂ ᠨᠢᠳᠤᠨᠤᠨ ᠤ ᠬᠢ ᠠᠴᠠ 496 ᠲᠦᠮᠡᠨ ᠮᠦ ᠨᠡᠮᠡᠭᠳᠡᠨ᠂ ᠰᠢᠷ᠎ᠠ | ᠪᠤᠷᠴᠠᠭ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠡᠷᠦᠩᠬᠡᠶᠢᠯᠡᠭᠰᠡᠨ ᠬᠦᠷᠢᠶᠡᠯᠡᠩ | ᠲᠣᠭᠤᠷᠢᠭ ᠢ 40 ᠪᠠᠶᠢᠭᠤᠯᠪᠠ᠃ ᠠᠮᠤ ᠪᠤᠳᠠᠭᠠᠨ ᠤ ᠦᠢᠯᠡᠳᠪᠦᠷᠢᠯᠡᠯ ᠳᠤ ᠦᠷᠭᠦᠯᠵᠢᠯᠡᠨ ᠡᠯᠪᠡᠭ ᠬᠤᠷᠢᠶᠠᠯᠲᠠ | ᠣᠯᠤᠭᠰᠠᠨ ᠪᠠᠶᠠᠷ ᠤᠨ ᠴᠢᠮᠡᠭᠡ ᠡᠯ᠎ᠡ ᠭᠠᠵᠠᠷ ᠠᠴᠠ ᠲᠤᠭᠤᠯᠳᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠵᠢᠱᠢᠯᠲᠡ ᠪᠠᠷ ᠡᠨᠡ ᠵᠢᠯ ᠪᠦᠬᠦ | ᠣᠷᠣᠨ ᠤ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 800 ᠳ᠋ᠦᠩᠰᠢᠭᠤᠷ ᠵᠢᠩ ᠢ ᠳᠠᠪᠠᠭ᠋ᠤ ᠪᠣᠯᠤᠮᠵᠢ ᠲᠠᠢ | ᠪᠠᠶᠢᠨ᠎ᠠ᠃ | ᠮᠠᠯ ᠠᠵᠤ ᠠᠬᠤᠶ ᠶᠢᠨ ᠲᠠᠯ᠎ᠠ ᠪᠠᠷ ᠪᠦᠬᠦ ᠣᠷᠣᠨ ᠤ ᠡᠯ᠎ᠡ ᠭᠠᠵᠠᠷ ᠤᠨ ᠬᠢᠨ ᠬᠠᠰᠢᠶᠠᠯᠠᠨ ᠲᠡᠵᠢᠭᠡᠬᠦ ᠵᠠᠭᠪᠤᠷ ᠢ | ᠢᠳᠡᠪᠬᠢᠲᠡᠶ ᠠᠬᠢᠭᠤᠯᠵᠤ᠂ ᠮᠢᠬᠠᠨ ᠤ ᠬᠤᠨᠢ ᠶᠢᠨ ᠬᠡᠪᠴᠢᠶᠡᠵᠢᠭᠰᠡᠨ ᠲᠡᠵᠢᠭᠡᠪᠦᠷᠢ ᠶᠢᠨ ᠲᠠᠯᠠᠪᠠᠢ ᠶᠢ 166 | ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠪᠣᠷᠳᠣᠨ ᠲᠠᠷᠭᠤᠯᠠᠭᠤᠯᠵᠤ | ᠬᠤᠳᠠᠯᠳᠤᠭᠰᠠᠨ ᠮᠢᠬᠠᠨ ᠤ ᠦᠬᠡᠷ ᠨᠢᠭᠡᠨᠲᠡ 103 ᠲᠦᠮᠡ ᠳᠤ ᠬᠦᠷᠴᠡᠶ᠃ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠬᠦᠴᠦᠯᠡᠨ ᠠᠬᠢᠭᠤᠯᠵᠤ᠂ ︽ᠰᠦ ᠶᠢᠨ ᠦᠢᠯᠡᠰ ᠤᠨ 33 ᠵᠤᠷᠪᠤᠰ︾ ᠲᠦᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠡᠭᠡᠷ᠎ᠡ ᠬᠠᠭᠠᠰ ᠵᠢᠯ ᠳᠤ ᠪᠦᠬᠦ ᠣᠷᠣᠨ ᠤ ᠦᠨᠢᠶᠡᠨ | ᠰᠦ ᠶᠢᠨ ᠭᠠᠷᠤᠯᠲᠠ 282.5 ᠲᠦᠮᠡᠨ ᠲᠣᠨ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 2.6% ᠪᠠᠷ ᠨᠡᠮᠡᠭᠳᠡᠪᠡ᠃ ᠡᠨᠡ ᠵᠢᠯ ᠪᠦᠬᠦ ᠣᠷᠣᠨ ᠢᠶᠠᠷ ᠢᠶᠠᠨ ᠨᠡᠶᠢᠲᠡ 1800 ᠲᠦᠮᠡᠨ ᠮᠦ ᠰᠦᠯ ᠰᠠᠶᠢᠲᠠᠶ | ᠡᠪᠡᠰᠦ ᠲᠠᠷᠢᠵᠤ᠂ ᠮᠠᠯ ᠠᠵᠤ ᠠᠬᠤᠶ ᠶᠢᠨ ᠦᠷᠭᠦᠯᠵᠢᠯᠡᠬᠦ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃ | ︵ᠼᠠᠢ ᠬᠤᠩ︶ | |