ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 5.8% ᠪᠠᠷ ᠨᠡᠮᠡᠭᠳᠡᠵᠡᠶ
ᠨᠡᠶᠢᠲᠡᠯᠡᠭᠰᠡᠨ ᠴᠠᠭ᠄
2024/10/24
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ 10 ᠰᠠᠷ᠎ᠠ ᠶᠢᠨ 21 ᠤ ᠡᠳᠦᠷ ᠡᠷᠬᠢᠯᠡᠨ ᠬᠤᠷᠠᠯᠳᠤᠭᠤᠯᠤᠭᠰᠠᠨ ᠪᠦᠬᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠤ ᠣᠷᠣᠨ ᠨᠤᠲᠤᠭ ᠤᠨ  ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶ 17875.5 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃      ᠣᠶᠢᠯᠠᠭᠠᠭᠰᠠᠨ ᠢᠶᠠᠷ᠂ ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠤ ᠨᠢᠭᠡᠳᠦᠭᠡᠷ ᠠᠵᠤ ᠦᠢᠯᠡᠰ 846 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ  ᠬᠢ ᠠᠴᠠ 5.3%   ᠪᠠᠷ ᠨᠡᠮᠡᠭᠳᠡᠨ᠂ ᠬᠤᠶᠠᠳᠤᠭᠠᠷ ᠠᠵᠤ ᠦᠢᠯᠡᠰ 9012.5 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠨ᠂ ᠭᠤᠷᠪᠠᠳᠤᠭᠠᠷ ᠠᠵᠤ ᠦᠢᠯᠡᠰ 8017 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠵᠡᠶ᠃ ᠡᠭᠦᠨ ᠳᠤ ᠪᠦᠬᠦ ᠣᠷᠣᠨ ᠤ ᠮᠠᠯ ᠠᠵᠤ ᠠᠬᠤᠶ ᠲᠠᠷᠢᠶᠠᠯᠠᠩ ᠣᠢ ᠰᠢᠭᠤᠶ ᠵᠢᠭᠠᠰᠤᠨ ᠤ ᠦᠢᠯᠡᠰ ᠤᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠶᠡᠭᠡ ᠰᠠᠶᠢᠨ ᠪᠠᠶᠢᠵᠤ᠂ ᠮᠠᠯ ᠠᠵᠤ ᠠᠬᠤᠶ ᠶᠢᠨ ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ︔ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.2%  ᠢᠶᠠᠷ ᠨᠡᠮᠡᠭᠳᠡᠵᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠨ᠂ ᠰᠢᠨ᠎ᠡ ᠬᠥᠳᠡᠯᠭᠡᠬᠦ ᠡᠨᠧᠷᠭᠢ ᠶᠢᠨ ᠨᠡᠮᠡᠭᠳᠡᠯ ᠤᠨ ᠡᠷᠴᠢᠮ ᠶᠡᠭᠡ ᠴᠢᠩᠭ᠎ᠠ ᠪᠠᠶᠢᠨ᠎ᠠ︔ ᠪᠦᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 4.4% ᠪᠠᠷ ᠨᠡᠮᠡᠭᠳᠡᠨ᠂ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠡᠷᠭᠦᠵᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠨ᠎ᠠ︔ ᠪᠦᠬᠦ ᠣᠷᠣᠨ  ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠮᠠᠯᠵᠢᠬᠤ ᠲᠠᠷᠢᠶᠠᠯᠠᠬᠤ ᠡᠷᠦᠬᠡ ᠶᠢ ᠪᠠᠭᠲᠠᠭᠠᠬᠤ ᠦᠭᠡᠢ︶ 11% ᠪᠠᠷ ᠨᠡᠮᠡᠭᠳᠡᠵᠦ᠂ 1 — 8 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.6 ᠬᠤᠪᠢ ᠨᠡᠮᠡᠭᠳᠡᠵᠡᠶ︔ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠬᠡᠮᠵᠢᠶ᠎ᠡ 3909.1 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ︔ ᠪᠦᠬᠦ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 29724 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠵᠡᠶ᠃ ︵ᠤᠷᠠᠨ᠎ᠠ︶  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号