ᠣᠶᠢᠷ᠎ᠠ ᠶᠢᠨ ᠡᠳᠤᠷ᠂ ᠬᠤᠨᠳᠣ ᠪᠠᠯᠭᠠᠰᠤ ᠮᠠᠯᠴᠢᠨ ᠲᠠᠷᠢᠶᠠᠴᠢᠳ ᠤᠨ ᠡᠪᠡᠰᠦ ᠪᠤᠷᠲᠤᠭ᠎ᠠ ᠲᠣᠳ᠋ᠬᠠᠳᠡᠵᠤ | ᠪᠠᠶᠢᠬᠤ᠂ ᠦᠭᠡᠷ ᠬᠤᠨᠢᠨ ᠤ ᠦᠨ᠎ᠠ ᠬᠠᠩᠰᠢ ᠪᠠᠭᠤᠷᠠᠵᠤ ᠪᠠᠶᠢᠬᠤ ᠠᠰᠠᠭᠤᠳᠠᠯ ᠳᠤ ᠬᠠᠨᠳᠤᠭᠤᠯᠤᠨ᠂ ︽ᠭᠤᠷᠪᠠ ᠶᠢ | ᠨᠢᠭᠡ ᠴᠣᠭᠴᠠᠵᠢᠭᠤᠯᠬᠤ︾ ᠶᠠᠷᠤᠩᠬᠡᠶᠢᠯᠡᠭᠰᠠᠨ ᠬᠠᠮᠳᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠢᠭᠡᠲᠤᠯᠲᠠᠢ | ᠬᠤᠳᠠᠯᠳᠤᠨ ᠠᠪᠴᠤ ᠨᠢᠭᠡᠳᠤᠯᠲᠠᠢ ᠪᠣᠷᠣᠯᠠᠭᠤᠯᠬᠤ ᠦᠢᠯᠡᠳᠤᠯ ᠢ ᠢᠳᠡᠪᠬᠢᠲᠡᠢ ᠪᠠᠲᠠᠷᠠᠭᠤᠯᠵᠤ᠂ ᠮᠠᠯᠴᠢᠨ | ᠲᠠᠷᠢᠶᠠᠴᠢᠨ ᠳᠤ ᠲᠦᠭᠦᠮ ᠲᠦᠳᠡ ᠣᠶᠢᠯᠠᠴᠢᠯᠡᠭᠡ ᠬᠠᠩᠭᠠᠵᠤ᠂ ᠡᠪᠡᠰᠤ ᠪᠤᠷᠳᠤᠭ᠎ᠠ ᠶᠢ ᠳᠣᠣᠷ᠎ᠠ ᠦᠨ᠎ᠡ ᠬᠠᠩᠰᠢ | ᠪᠠᠷ ᠵᠠᠬᠢᠶᠠᠯᠠᠬᠤ ᠦᠢᠯᠡᠴᠢᠯᠡᠭᠡ ᠬᠠᠩᠭᠠᠪᠠ᠃ | | | | | | ᠬᠤᠨᠳᠤ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠤᠷᠳᠣᠨ ᠡᠯ᠎ᠡ ᠭᠠᠴᠠᠭ᠎ᠠ ᠲᠣᠰᠬᠤᠨ ᠨᠡᠶᠢᠭᠡᠮ | ᠲᠣᠭᠤᠷᠢᠭ ᠤᠨ ᠨᠠᠮ ᠤᠨ ᠡᠭᠦᠷ ᠤᠨ ᠱᠦᠵᠢ᠂ ᠬᠤᠨᠲᠣ ᠶᠢᠨ ᠲᠠᠷᠢᠶᠠᠯᠠᠩ ᠤᠨ ᠦᠢᠯᠠᠴᠢᠯᠡᠭᠡᠨ ᠤ ᠬᠢᠵᠠᠭᠠᠷᠲᠤ | ᠺᠣᠮᠫᠠᠨᠢ ᠶᠢᠨ ᠬᠠᠷᠢᠭᠤᠴᠠᠯᠭᠠᠲᠠᠨ ᠵᠡᠷᠭᠡ 10 ᠭᠠᠷᠤᠢ ᠬᠦᠮᠤᠨ ᠢᠶᠠᠷ ᠪᠦᠷᠢᠯᠳᠤᠭ᠍ᠰᠡᠨ ᠰᠢᠨᠵᠢᠯᠠᠨ ᠪᠠᠶᠢᠴᠠᠭᠠᠬᠤ | ᠪᠦᠯᠭᠦᠮ ᠢ ᠵᠣᠬᠢᠶᠠᠨ ᠪᠠᠶᠢᠭᠤᠯᠵᠤ᠂ ᠰᠢᠯᠢ ᠶᠢᠨ ᠭᠤᠣᠯ ᠠᠶᠢᠮᠠᠭ ᠤᠨ ᠤᠯᠠᠭᠠᠢ᠂ ᠬᠦᠯᠥᠨ ᠪᠣᠶᠢᠷ᠂ ᠬᠠᠷᠠᠮᠦ᠋ᠷᠡᠨ | ᠵᠠᠷᠭᠡ ᠭᠠᠵᠠᠷ ᠣᠷᠣᠨ ᠳᠤ ᠬᠦᠷᠴᠤ᠂ ᠡᠪᠡᠰᠤ ᠪᠤᠷᠳᠤᠭᠠᠨ ᠤ ᠲᠦᠷᠤᠯ ᠵᠦᠢᠯ᠂ ᠶᠠᠰᠤ ᠴᠢᠨᠠᠷ᠂ ᠤᠰᠤᠨ ᠤ | ᠠᠭᠤᠯᠤᠭᠳᠠᠭᠴᠠ᠂ ᠦᠨ᠎ᠡ ᠬᠠᠩᠰᠢ ᠪᠣᠯᠣᠨ ᠬᠠᠩᠭᠠᠯᠭ᠎ᠠ ᠶᠢᠨ ᠴᠢᠳᠠᠪᠤᠷᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠮᠠᠯᠴᠢᠨ ᠲᠠᠷᠢᠶᠠᠴᠢᠳ ᠲᠤ ᠬᠠᠪᠰᠤᠷᠣᠨ ᠲᠣᠣᠷ᠎ᠠ ᠦᠨ᠎ᠠ ᠬᠠᠩᠰᠢ ᠶᠢᠨ ᠡᠪᠡᠰᠤ ᠪᠤᠷᠳᠤᠭ᠎ᠠ ᠵᠠᠬᠢᠶᠠᠯᠠᠵᠤ ᠥᠭᠴᠡᠢ᠃ | | | | | | ᠡᠪᠡᠰᠦ ᠪᠤᠷᠲᠤᠭᠠᠨ ᠤ ᠶᠠᠰᠤ ᠴᠢᠨᠠᠷ ᠪᠠ ᠦᠨ᠎ᠡ ᠬᠠᠩᠰᠢ ᠶᠢ ᠪᠠᠳᠣᠯᠠᠬᠤ ᠶᠢᠨ ᠲᠦᠯᠥᠭᠡ᠂ ᠬᠤᠨᠲᠣ ᠶᠢᠨ | ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠲᠤᠬᠠᠢ ᠶᠢᠨ ᠭᠠᠵᠠᠷ ᠤᠨ 10 ᠭᠠᠷᠤᠢ ᠬᠠᠩᠭᠠᠯᠭ᠎ᠠ ᠶᠢᠨ | ᠬᠤᠳᠠᠯᠳᠤᠭᠠᠴᠢᠨ ᠲᠠᠢ ᠵᠥᠪᠳᠡᠯᠴᠠᠨ ᠬᠠᠮᠳᠤᠷᠠᠯᠴᠠᠵᠤ᠂ ᠡᠪᠡᠰᠤ ᠪᠤᠷᠲᠤᠭ᠎ᠠ ᠬᠤᠳᠠᠯᠳᠤᠨ ᠠᠪᠬᠤ ᠪᠦᠳᠣᠭᠦᠪᠴᠢ | ᠵᠦᠪᠯᠡᠯᠴᠡᠭᠡᠷ ᠲᠣᠭᠳᠠᠵᠤ᠂ ᠨᠢᠭᠡᠳᠤᠯᠲᠠᠢ ᠬᠤᠳᠠᠯᠳᠤᠨ ᠠᠪᠴᠤ ᠨᠢᠭᠡᠲᠤᠯᠲᠠᠢ ᠪᠤᠷᠣᠯᠠᠭᠤᠯᠬᠤ ᠶᠢ ᠬᠡᠷᠡᠭᠵᠢᠭᠦᠯᠵᠠᠢ᠃ | ᠣᠳᠣ ᠪᠣᠯᠳᠠᠯ᠎ᠠ᠂ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠪᠠᠷ᠂ ᠤᠯᠠᠨ ᠲᠦᠷᠤᠯᠲᠤ ᠡᠪᠡᠰᠦ᠂ ᠬᠢᠶᠠᠭ | ᠡᠪᠡᠰᠦ ᠵᠡᠷᠭᠡ ᠡᠪᠡᠰᠦ ᠪᠤᠷᠲᠤᠭ᠎ᠠ ᠶᠢ ᠲᠣᠨ ᠪᠦᠷᠢ ᠳᠤ ᠪᠠᠨ 700 ᠲᠥᠭᠦᠷᠢᠭ ᠠᠴᠠ 1070 ᠲᠥᠭᠦᠷᠢᠭ ᠤᠨ | ᠦᠨ᠎ᠡ ᠪᠠᠷ ᠮᠠᠯᠴᠢᠨ ᠲᠠᠷᠢᠶᠠᠴᠢᠨ ᠤ ᠭᠡᠷ ᠤᠨ ᠡᠭᠦᠳᠡᠨ ᠳᠤ ᠬᠦᠷᠭᠡᠵᠦ᠂ ᠮᠠᠯᠴᠢᠨ ᠲᠠᠷᠢᠶᠠᠴᠢᠨ ᠤ ᠨᠢᠳᠤᠨ ᠡᠮᠣᠨᠠᠬᠢ | ᠲᠤᠯᠭᠠᠮ᠎ᠠ ᠠᠰᠠᠭᠤᠳᠠᠯ ᠢ ᠰᠢᠢᠣᠡᠪᠣᠷᠢᠯᠡᠭᠰᠡᠨ ᠪᠠᠶᠢᠨ᠎ᠠ᠃ | | | | ᠬᠤᠨᠳᠣ ᠪᠠᠯᠭᠠᠰᠤ ᠶᠢᠨ ᠳᠣᠣᠷ᠎ᠠ ᠦᠨ᠎ᠡ ᠬᠠᠩᠰᠢ ᠪᠠᠷ ᠴᠢᠨᠠᠷ ᠰᠠᠶᠢᠲᠠᠢ ᠡᠪᠡᠰᠤ ᠪᠤᠷᠳᠤᠭ᠎ᠠ ᠵᠠᠬᠢᠶᠠᠯᠠᠬᠤ | ᠦᠢᠯᠡᠴᠢᠯᠡᠭᠡᠨ ᠤ ᠠᠵᠢᠯᠯᠠᠭ᠎ᠠ ᠦᠷᠭᠦᠯᠵᠢᠯᠠᠨ ᠶᠠᠪᠤᠭᠳᠠᠵᠤ᠂ ᠮᠠᠯᠴᠢᠨ ᠲᠠᠷᠢᠶᠠᠴᠢᠨ ᠤ ᠡᠪᠡᠰᠦ ᠪᠤᠷᠳᠤᠭ᠎ᠠ | ᠲᠤᠲᠠᠭᠳᠠᠬᠤ ᠠᠰᠠᠭᠤᠳᠠᠯ ᠢ ᠨᠠᠮᠲᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠣᠰ ᠭᠠᠵᠠᠷ ᠣᠷᠣᠨ ᠤ ᠡᠪᠡᠰᠦ | ᠪᠤᠷᠳᠤᠭᠠᠨ ᠤ ᠦᠨ᠎ᠠ ᠬᠠᠩᠰᠢ ᠶᠢ ᠴᠤ ᠵᠣᠬᠢᠬᠤ ᠭᠡᠮᠵᠢᠶ᠎ᠠ ᠪᠠᠷ ᠲᠣᠭᠲᠠᠪᠤᠷᠢᠵᠢᠭᠤᠯᠤᠭᠰᠠᠨ ᠪᠠᠶᠢᠨ᠎ᠠ᠃ ︵ᠴᠠᠯᠮᠡᠭ︶ |