ᠮᠠᠨ ᠤ ᠣᠷᠣᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠪᠠᠨ | ᠰᠢᠯᠢᠳᠡᠭᠵᠢᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠵᠦ ᠪᠤᠢ᠃ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦ ᠶᠢᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠬᠦ᠂ | ᠬᠤᠪᠢ ᠬᠦᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠵᠢᠭᠡᠯᠡᠯᠭᠡ ᠶᠢᠨ | ᠬᠦᠦ ᠶᠢᠨ ᠨᠤᠷᠮ᠎ᠠ ᠶᠢ ᠪᠠᠭᠤᠷᠠᠭᠤᠯᠬᠤ᠂ ᠰᠢᠨ᠎ᠡ ᠪᠠᠷ ᠪᠠᠶᠢᠭᠤᠯᠤᠭᠠᠳ ᠤᠷᠢᠳᠴᠢᠯᠠᠨ ᠬᠤᠳᠠᠯᠳᠤᠬᠤ ᠲᠠᠸᠠᠷ ᠤᠨ | ᠣᠷᠣᠨ ᠰᠠᠭᠤᠴᠠ ᠶᠢ ᠬᠤᠳᠠᠯᠳᠤᠨ ᠠᠪᠬᠤ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠦᠩᠭᠦ ᠶᠢ ᠭᠠᠷᠭᠠᠨ ᠠᠪᠴᠤ ᠠᠩᠬ᠎ᠠ ᠲᠤᠰᠢᠶᠠᠬᠤ ᠮᠦᠩᠭᠦ ᠪᠠᠷ ᠥᠭᠬᠦ᠂ ︽ᠬᠤᠳᠠᠯᠳᠤᠭᠠᠨ ᠤ ᠴᠢᠨᠠᠷᠲᠠᠢ | ᠵᠢᠭᠡᠯᠡᠯᠭᠡ ᠪᠠᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠡᠶᠢᠰᠢ ᠰᠢᠯᠵᠢᠭᠦᠯᠬᠦ︾᠂ ︽ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦ + ᠬᠤᠳᠠᠯᠳᠤᠭᠠᠨ ᠤ ᠴᠢᠨᠠᠷᠲᠠᠢ ᠵᠢᠭᠡᠯᠡᠯᠭᠡ︾ ᠮᠡᠲᠦ ᠶᠢᠨ ᠨᠡᠶᠢᠯᠡᠯ ᠵᠢᠭᠡᠯᠡᠯᠭᠡ ᠵᠡᠷᠭᠡ | ᠲᠥᠷᠥ ᠶᠢᠨ ᠪᠣᠳᠣᠯᠭ᠎ᠠ ᠶᠢ ᠤᠷᠢᠳ ᠬᠤᠵᠢᠳ ᠨᠡᠶᠢᠲᠡᠯᠡᠵᠦ᠂ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ | ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠪᠠ᠃ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠵᠢᠭᠡᠯᠡᠯᠭᠡ ᠠᠴᠠ ᠡᠮᠦᠨᠡᠬᠢ᠂ ᠵᠢᠭᠡᠯᠡᠯᠭᠡ ᠶᠢᠨ ᠳᠤᠮᠳᠠᠬᠢ᠂ | ᠵᠢᠭᠡᠯᠡᠯᠭᠡ ᠶᠢᠨ ᠳᠠᠷᠠᠭᠠᠬᠢ ᠬᠠᠮᠢᠶᠠᠷᠤᠯᠲᠠ ᠶᠢ ᠵᠢᠷᠤᠮᠵᠢᠭᠤᠯᠵᠤ᠂ ᠪᠦᠬᠦ ᠣᠷᠣᠨ ᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠲᠠᠪᠴᠠᠩ ᠢ ᠨᠢᠭᠡᠲᠦᠯᠲᠡᠢ ᠪᠠᠶᠢᠭᠤᠯᠬᠤ ᠪᠠᠷ ᠰᠦᠪᠡᠭᠴᠢᠯᠡᠵᠦ᠂ | ᠠᠰᠠᠭᠤᠳᠠᠯ ᠢ ᠢᠯᠡᠷᠡᠭᠦᠯᠬᠦ — ᠴᠡᠭᠴᠡᠯᠡᠨ ᠰᠠᠶᠢᠵᠢᠷᠠᠭᠤᠯᠬᠤ — ᠬᠠᠰᠤᠵᠤ ᠠᠷᠢᠯᠭᠠᠬᠤ ᠪᠢᠲᠡᠭᠦᠦ | ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠦᠨ᠎ᠡ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ | ᠶᠡᠷᠦᠩᠬᠡᠶ ᠲᠤᠭ᠎ᠠ 5626.11 ᠳ᠋ᠦᠩᠰᠢᠭᠤᠷ ᠲᠥᠭᠦᠷᠢᠭ᠂ ᠲᠤᠰᠢᠶᠠᠨ ᠬᠠᠳᠠᠭᠠᠯᠠᠭᠤᠯᠤᠭᠰᠠᠨ ᠦᠯᠡᠳᠡᠪᠦᠷᠢ ᠲᠤᠭ᠎ᠠ | 2190.02 ᠳ᠋ᠦᠩᠰᠢᠭᠤᠷ ᠲᠥᠭᠦᠷᠢᠭ᠂ ᠭᠠᠷᠭᠠᠨ ᠠᠪᠤᠭᠰᠠᠨ ᠶᠡᠷᠦᠩᠬᠡᠶ ᠲᠤᠭ᠎ᠠ 3436.09 ᠳ᠋ᠦᠩᠰᠢᠭᠤᠷ | ᠲᠥᠭᠦᠷᠢᠭ᠂ ᠵᠢᠭᠡᠯᠡᠯᠭᠡ ᠶᠢᠨ ᠶᠡᠷᠦᠩᠬᠡᠶ ᠲᠤᠭ᠎ᠠ 3345.88 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ | ᠦᠯᠡᠳᠡᠪᠦᠷᠢ ᠲᠤᠭ᠎ᠠ 1341.85 ᠳ᠋ᠦᠩᠰᠢᠭᠤᠷ ᠲᠥᠭᠦᠷᠢᠭ᠂ ᠬᠤᠪᠢ ᠬᠦᠮᠦᠨ ᠤ ᠵᠢᠭᠡᠯᠡᠯᠭᠡ ᠶᠢᠨ ᠨᠣᠷᠮ᠎ᠠ | 61.27% ᠪᠠᠶᠢᠪᠠ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ︶ | | |