ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ 2024 ᠣᠨ ᠤ ᠡᠬᠢ ᠪᠠᠷ ᠮᠠᠨ ᠤ ᠣᠷᠣᠨ ᠨᠤᠲᠤᠭ ᠪᠡᠯᠴᠢᠭᠡᠷ ᠤᠨ ᠳᠠᠭᠠᠭᠠᠴᠠ ᠠᠴᠠ | ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠵᠢᠯ ᠢ ᠡᠬᠢᠯᠡᠭᠦᠯᠦᠭᠰᠡᠨ ᠠᠴᠠ ᠨᠠᠭᠠᠰᠢ | 17 ᠲᠤᠷᠰᠢᠯᠲᠠ ᠶᠢᠨ ᠬᠤᠰᠢᠭᠤ ᠰᠢᠶᠠᠨ ᠨᠡᠶᠢᠲᠡ 357.38 ᠲᠦᠮᠡᠨ ᠬᠤᠨᠢᠨ ᠤ ᠨᠢᠭᠡᠴᠢ ᠶᠢᠨ ᠳᠠᠭᠠᠭᠠᠴᠠ ᠠᠴᠠ | ᠬᠡᠲᠦᠷᠡᠭᠰᠡᠨ ᠮᠠᠯ ᠢ ᠰᠢᠯᠵᠢᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ 10% ᠠᠴᠠ | ᠳᠣᠷᠣᠭᠰᠢ ᠪᠣᠯᠲᠠᠯ᠎ᠠ ᠪᠠᠭᠤᠷᠠᠭᠤᠯᠵᠤ᠂ ᠲᠤᠷᠰᠢᠯᠲᠠ ᠶᠢᠨ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠣᠯᠪᠠ᠃ | 2023 ᠣᠨ ᠤ 6 ᠰᠠᠷ᠎ᠠ ᠳᠤ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠳᠠᠭᠠᠨ᠂ ᠶᠡᠷᠦᠩᠬᠡᠶ ᠳᠤᠨᠢ ᠠᠪᠴᠤ ᠦᠵᠡᠪᠡᠯ ᠥᠪᠥᠷ ᠮᠣᠩᠭᠤᠯ ᠤᠨ ᠲᠠᠯ᠎ᠠ ᠨᠤᠲᠤᠭ ᠨᠢᠭᠡᠨᠲᠡ | ᠬᠡᠲᠦᠷᠡᠲᠡᠯ᠎ᠡ ᠮᠠᠯᠵᠢᠭᠰᠠᠨ ᠪᠠᠶᠢᠨ᠎ᠠ᠂ ᠠᠮᠤᠷᠵᠢᠭᠤᠯᠤᠨ ᠲᠠᠩᠬᠡᠷᠡᠭᠦᠯᠬᠦ ᠶᠢ ᠠᠩᠬᠠᠷᠬᠤ ᠬᠡᠷᠡᠭᠲᠡᠶ ᠭᠡᠪᠡ᠃ ᠨᠤᠲᠤᠭ | ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠠ ᠮᠠᠯᠵᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠲᠤᠰᠠᠳᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠲᠤᠷᠰᠢᠯᠲᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠮᠠᠯᠵᠢᠬᠤ ᠣᠷᠣᠨ ᠤ ᠦᠢᠯᠡᠳᠪᠦᠷᠢᠯᠡᠯ | ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ᠂ ︽ᠡᠪᠡᠰᠦᠨ ᠤ ᠡᠬᠢ︾ ᠶᠢᠨ ᠠᠰᠠᠭᠤᠳᠠᠯ ᠢ ᠰᠢᠢᠳᠪᠦᠷᠢᠯᠡᠬᠦ᠂ | ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠬᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ | ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ 5 ᠲᠠᠯ᠎ᠠ ᠠᠴᠠ | ᠨᠢᠭᠡ ᠭᠠᠵᠠᠷ ᠨᠢᠭᠡ ᠠᠷᠭ᠎ᠠ ᠪᠣᠳᠣᠯᠭ᠎ᠠ ᠪᠠᠷ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ | ᠠᠰᠠᠭᠤᠳᠠᠯ ᠢ ᠰᠢᠢᠳᠪᠦᠷᠢᠯᠡᠪᠡ᠃ ᠣᠳᠣᠬᠠᠨ ᠪᠣᠯᠲᠠᠯ᠎ᠠ ᠪᠦᠬᠦ ᠣᠷᠣᠨ ᠳᠤ ᠠᠮᠢ ᠠᠬᠤᠶ ᠶᠢᠨ ᠡᠪᠡᠰᠦ ᠲᠠᠷᠢᠭᠰᠠᠨ | ᠲᠠᠯᠠᠪᠠᠢ 530.7 ᠲᠦᠮᠡᠨ ᠮᠦ ᠰᠢᠨ᠎ᠡ ᠪᠠᠷ ᠨᠡᠮᠡᠭᠳᠡᠵᠦ᠂ 2023 ᠣᠨ ᠤ ᠬᠢ ᠠᠴᠠ 459% ᠪᠠᠷ ᠨᠡᠮᠡᠭᠳᠡᠵᠦ᠂ | ᠡᠪᠡᠰᠦ ᠪᠣᠷᠳᠣᠭᠠᠨ ᠤ ᠬᠠᠩᠭᠠᠯᠭ᠎ᠠ ᠶᠢ ᠬᠦᠴᠦᠲᠡᠶ ᠪᠠᠲᠤᠯᠠᠪᠠ᠃ ᠡᠭᠦᠨ ᠠᠴᠠ ᠭᠠᠳᠠᠨ᠎ᠠ ᠪᠦᠬᠦ ᠣᠷᠣᠨ ᠳᠤ ᠭᠤᠷᠪᠠᠨ | ᠱᠠᠲᠤᠨ ᠤ ᠲᠡᠵᠢᠭᠡᠯ ᠡᠪᠡᠰᠦ ᠨᠥᠭᠡᠴᠡᠯᠡᠬᠦ ᠬᠥᠮᠥᠷᠭᠡ ᠶᠢ ᠨᠡᠶᠢᠲᠡ 8887 ᠪᠠᠶᠢᠭᠤᠯᠵᠤ᠂ ᠡᠪᠡᠰᠦᠨ ᠤ ᠠᠵᠤ | ᠦᠢᠯᠡᠰ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠪᠠᠷᠠᠭᠤᠨ ᠬᠡᠰᠡᠭ ᠤᠨ ᠲᠤᠷᠰᠢᠯᠲᠠ ᠶᠢᠨ | ᠬᠤᠰᠢᠭᠤ ᠰᠢᠶᠠᠨ ᠳᠤ 7 ᠲᠡᠵᠢᠭᠡᠯ ᠡᠪᠡᠰᠦ ᠶᠢᠨ ᠲᠥᠪ ᠪᠠᠶᠢᠭᠤᠯᠪᠠ᠃ ᠡᠨᠡ ᠵᠤᠨ ᠤ ᠳᠤᠮᠳᠠ ᠪᠠᠷᠠᠭᠤᠨ ᠣᠷᠣᠨ ᠤ | ᠮᠠᠯᠵᠢᠬᠤ ᠣᠷᠣᠨ ᠦᠷᠭᠦᠯᠵᠢᠯᠡᠨ ᠭᠠᠩᠳᠠᠭᠰᠠᠨ ᠪᠠᠶᠢᠳᠡᠯ ᠳᠤ ᠴᠢᠭᠯᠡᠭᠦᠯᠦᠨ ᠥᠪᠡᠷᠲᠡᠭᠡᠨ ᠵᠠᠰᠠᠬᠤ ᠣᠷᠣᠨ ᠤ ᠣᠢ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ 32 ᠲᠡᠵᠢᠭᠡᠯ ᠡᠪᠡᠰᠦᠨ ᠤ ᠠᠵᠤ ᠠᠬᠤᠶᠢᠯᠠᠯ ᠢ ᠵᠣᠬᠢᠶᠠᠨ | ᠪᠠᠶᠢᠭᠤᠯᠤᠨ 32.7 ᠲᠦᠮᠡᠨ ᠲᠣᠨ ᠲᠡᠵᠢᠭᠡᠯ ᠡᠪᠡᠰᠦ ᠨᠥᠭᠡᠴᠡᠯᠡᠵᠦ᠂ ᠭᠠᠮᠰᠢᠭᠳᠠᠭᠰᠠᠨ ᠮᠠᠯᠵᠢᠬᠤ ᠡᠷᠦᠬᠡ ᠶᠢᠨ | ᠲᠡᠵᠢᠭᠡᠯ ᠡᠪᠡᠰᠦ ᠳᠤᠲᠠᠭᠳᠠᠬᠤ᠂ ᠥᠨᠳᠥᠷ ᠦᠨ᠎ᠡ ᠪᠠᠷ ᠡᠪᠡᠰᠦ ᠬᠤᠳᠠᠯᠳᠤᠨ ᠠᠪᠬᠤ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠪᠡ᠃ | ᠳᠠᠷᠠᠭᠠᠴᠢ ᠶᠢᠨ ᠠᠯᠬᠤᠮ ᠳᠤ ᠡᠯ᠎ᠡ ᠭᠠᠵᠠᠷ ᠤᠨ ᠡᠯ᠎ᠡ ᠰᠠᠯᠠᠭ᠎ᠠ ᠮᠥᠴᠢᠷ ᠤᠨ ᠬᠢᠨ ᠲᠤᠷᠰᠢᠯᠲᠠ ᠶᠢᠨ | ᠴᠡᠭ ᠤᠨ ᠲᠤᠷᠰᠢᠯᠭ᠎ᠠ ᠪᠠᠨ ᠳ᠋ᠦᠩᠨᠡᠵᠦ᠂ ᠪᠦᠬᠦ ᠣᠷᠣᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠠ | ᠮᠠᠯᠵᠢᠬᠤ ᠠᠰᠠᠭᠤᠳᠠᠯ ᠢ ᠰᠢᠢᠳᠪᠦᠷᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠡᠯᠴᠢᠭᠡᠷ ᠤᠨ | ᠳᠠᠭᠠᠭᠠᠴᠠ ᠠᠴᠠ ᠬᠡᠲᠦᠷᠡᠭᠰᠡᠨ ᠮᠠᠯ ᠢ ᠰᠢᠯᠵᠢᠭᠦᠯᠬᠦ ᠶᠢ ᠲᠦᠷᠭᠡᠳᠬᠡᠵᠦ᠂ ︽ᠨᠢᠭᠡᠳᠦᠯᠲᠡᠶ ᠠᠷᠠᠴᠢᠯᠠᠨ ᠲᠡᠵᠢᠭᠡᠵᠦ | ᠬᠠᠮᠲᠤ ᠪᠠᠷ ᠪᠠᠶᠠᠵᠢᠬᠤ︾᠂ ︽ᠨᠠᠶᠢᠳᠠᠨ ᠬᠠᠮᠢᠶᠠᠷᠤᠭᠤᠯᠵᠤ ᠣᠷᠣᠯᠠᠨ ᠮᠠᠯᠵᠢᠭᠤᠯᠬᠤ︾᠂ ︽ᠤᠨᠳᠤᠤ ᠭᠠᠵᠠᠷ ᠲᠤ | ᠣᠷᠣᠯᠠᠨ ᠮᠠᠯᠵᠢᠬᠤ︾ ᠵᠡᠷᠭᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠡᠪᠡᠰᠦ ᠪᠣᠷᠳᠣᠭᠠᠨ ᠤ ᠪᠠᠲᠤᠯᠠᠭ᠎ᠠ ᠶᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠬᠢᠶ᠎ᠡ ᠶᠢ ᠲᠠᠰᠤᠷᠠᠯᠲᠠ | ᠦᠭᠡᠢ ᠤᠷᠲᠤᠳᠬᠠᠨ᠎ᠠ᠃ ︵ᠾᠦᠸᠧ ᠰᠢᠶᠣᠤ ᠴᠢᠩ︶ | | |