ᠠᠷᠤ ᠬᠤᠷᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠬᠠᠩᠵᠧᠦ ᠳᠤ ᠪᠣᠷᠣᠯᠠᠭᠤᠯᠤᠭᠳᠠᠯ᠎ᠠ
ᠨᠡᠶᠢᠲᠡᠯᠡᠭᠰᠡᠨ ᠴᠠᠭ᠄
2024/10/29
     10 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ ᠬᠤᠷᠠᠯ᠂ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠡᠰᠬᠦᠯᠡᠩ᠂ ᠳᠥᠷᠪᠡᠳᠦᠭᠡᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠥᠪᠯᠡᠷᠡᠭᠦᠯᠦᠨ ᠴᠤᠭᠯᠠᠭᠤᠯᠬᠤ ᠲᠠᠨᠢᠯᠴᠠᠭᠤᠯᠭ᠎ᠠ ᠶᠢᠨ      ᠬᠤᠷᠠᠯ᠂ ᠤᠯᠠᠭᠠᠨᠬᠠᠳᠠ ᠶᠢᠨ ᠭᠤᠤᠯ ᠰᠡᠳᠦᠪᠲᠦ ᠡᠳᠦᠷ ᠤᠨ ᠠᠵᠢᠯᠯᠠᠭ᠎ᠠ ᠬᠠᠩᠵᠧᠦ ᠶᠢᠨ ᠪᠠᠶ ᠮᠠ ᠬᠦ᠋ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ A ᠣᠷᠳᠣᠨ ᠳᠤ ᠶᠠᠪᠤᠭᠳᠠᠵᠤ᠂ ᠠᠷᠤ ᠬᠤᠷᠴᠢᠨ ᠬᠤᠰᠢᠭᠤᠨ ᠤ  ᠬᠢᠨ ᠰᠢᠯᠢᠳᠡᠭ ᠰᠠᠶᠢᠨ ᠪᠣᠳᠠᠰ ᠢᠶᠠᠨ ᠠᠪᠴᠤ ᠣᠷᠣᠯᠴᠠᠪᠠ᠃
       ᠲᠤᠰ ᠤᠳᠠᠭᠠᠨ ᠤ ᠠᠵᠢᠯᠯᠠᠭ᠎ᠠ ᠳᠤ ᠤᠯᠠᠭᠠᠨᠬᠠᠳᠠ ᠬᠤᠲᠠ ︽ᠤᠯᠠᠭᠠᠨᠬᠠᠳᠠ ᠶᠢᠨ ᠰᠠᠶᠢᠨ ᠡᠳ᠋᠂ ᠬᠠᠩᠵᠧᠦ ᠲᠠᠢ ᠪᠣᠯᠵᠤᠭ᠎ᠠ ᠲᠠᠢ︾ ᠭᠡᠬᠦ ᠭᠤᠣᠯ ᠰᠡᠳᠦᠪ ᠢᠶᠠᠷ ᠣᠷᠣᠯᠴᠠᠵᠤ᠂ ᠭᠤᠤᠯ ᠰᠡᠳᠦᠪᠲᠦ ᠡᠳᠦᠷ ᠤᠨ ᠲᠤᠬᠠᠶ ᠶᠢᠨ ᠡᠳᠦᠷ ᠠᠷᠤ ᠬᠤᠷᠴᠢᠨ ᠬᠤᠰᠢᠭᠤᠨ ᠤ ᠲᠥᠯᠥᠭᠡᠯᠡᠭᠴᠢ ᠠᠵᠤ ᠠᠬᠤᠶᠢᠯᠠᠯ ᠲᠠᠢᠰᠠᠨ ᠳᠤ ᠭᠠᠷᠴᠤ ᠲᠠᠨᠢᠯᠴᠠᠭᠤᠯᠭ᠎ᠠ ᠬᠢᠪᠡ᠃  ᠭᠤᠤᠯ ᠰᠡᠳᠦᠪᠲᠦ ᠡᠳᠦᠷ ᠤᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠲᠤᠰ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠬᠦᠨᠳᠦᠲᠦ ᠵᠣᠴᠢᠳ ᠠᠷᠤ ᠬᠤᠷᠴᠢᠨ ᠬᠤᠰᠢᠭᠤᠨ ᠤ ᠦᠵᠡᠭᠦᠯᠭᠡ ᠶᠢᠨ ᠲᠣᠭᠤᠷᠢᠭ ᠲᠤ ᠢᠷᠡᠵᠦ᠂ ᠴᠥᠭᠡᠨ ᠪᠤᠰᠤ ᠥᠪᠡᠷᠮᠢᠴᠡ ᠣᠨᠴᠠᠯᠢᠭ ᠲᠠᠢ ᠪᠦᠲᠦᠭᠡᠭᠳᠡᠬᠦᠨ  ᠳᠤ ᠰᠠᠶᠢᠨ ᠦᠨᠡᠯᠡᠯᠲᠡ ᠦᠭᠴᠡᠢ᠃
       ︽ᠪᠢᠳᠡ ᠪᠣᠯ ᠠᠷᠤ ᠬᠤᠷᠴᠢᠨ ᠬᠤᠰᠢᠭᠤᠨ ᠠᠴᠠ ᠢᠷᠡᠭᠰᠡᠨ ᠠᠵᠤ ᠠᠬᠤᠢᠯᠠᠯᠯ ᠪᠣᠯᠤᠨ᠎ᠠ᠃︾ ᠬᠠᠩᠵᠧᠦ  ᠶᠢᠨ ᠬᠤᠲᠠ ᠶᠢᠨ ᠠᠷᠠᠳ  ᠢ ᠤᠭᠲᠤᠬᠤ ᠶᠢᠨ ᠲᠥᠯᠥᠭᠡ᠂ ᠲᠤᠬᠠᠶ  ᠶᠢᠨ ᠲᠠᠯᠠᠪᠠᠢ ᠶᠢᠨ ᠠᠵᠢᠯᠲᠠᠳ ᠥᠷᠯᠥᠭᠡ ᠡᠷᠲᠡ  ᠠᠴᠡ ᠶᠠᠭᠠᠷᠠᠯᠳᠤᠵᠤ ᠡᠬᠢᠯᠡᠵᠡᠶ  ᠃ ᠰᠤᠷᠠᠭ ᠴᠢᠮᠡᠭᠡ ᠪᠠᠷ ᠬᠦᠷᠦᠯᠴᠡᠨ ᠢᠷᠡᠭᠰᠡᠨ ᠬᠤᠲᠠ ᠶᠢᠨ ᠠᠷᠠᠳ ᠲᠤ ᠠᠵᠢᠯᠲᠠᠳ ᠦᠵᠡᠭᠦᠯᠭᠡ ᠶᠢᠨ ᠲᠠᠢᠰᠠᠨ ᠳᠡᠭᠡᠷᠡᠬᠢ ᠣᠨᠴᠠᠯᠢᠭᠲᠤ ᠪᠦᠲᠦᠭᠡᠭᠳᠡᠬᠦᠨ ᠢ ᠬᠠᠯᠠᠭᠤᠨ ᠢᠶᠠᠷ ᠲᠠᠨᠢᠯᠴᠠᠭᠤᠯᠵᠤ ᠪᠠᠶᠢᠯ᠎ᠠ᠃        ᠥᠪᠥᠷ ᠮᠣᠩᠭᠤᠯ ᠤᠨ ᠹᠦ᠋ ᠷᠦᠨ ᠳ᠋ᠦᠩ ᠹᠠᠩ ᠣᠷᠭᠠᠨᠢᠭ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠳ᠋ᠧᠩ ᠢᠦᠶ ᠠᠴᠠ ᠬᠤᠰᠢᠭᠤᠨ ᠵᠠᠰᠠᠭ ᠤᠨ ᠣᠷᠳᠣᠨ ᠠᠴᠠ ᠤᠯᠠᠭᠠᠨᠬᠠᠳᠠ ᠶᠢᠨ ᠰᠠᠶᠢᠨ ᠡᠳ᠋ ᠬᠠᠩᠵᠧᠦ ᠳᠤ ᠣᠷᠣᠬᠤ ᠠᠵᠢᠯᠯᠠᠭ᠎ᠠ ᠳᠤ ᠣᠷᠣᠯᠴᠠᠬᠤ ᠵᠠᠪᠰᠢᠶᠠᠨ ᠢ ᠣᠯᠭᠤᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠲᠤᠰ ᠤᠳᠠᠭᠠᠨ ᠤ ᠦᠵᠡᠭᠦᠯᠭᠡ ᠳᠤ ᠣᠷᠣᠯᠴᠠᠭᠰᠠᠨ ᠪᠣᠢ ᠪᠦᠬᠦᠢ ᠪᠦᠲᠦᠭᠡᠭᠳᠡᠬᠦᠨ ᠨᠢ ᠬᠠᠩᠵᠧᠦ ᠶᠢᠨ ᠬᠤᠲᠠ ᠶᠢᠨ ᠠᠷᠠᠳ ᠤᠨ ᠬᠦᠴᠦᠲᠡᠶ ᠳᠡᠮᠵᠢᠯᠭᠡ ᠪᠠ ᠲᠠᠭᠠᠰᠢᠶᠠᠯ ᠢ ᠣᠯᠵᠠᠶ᠂ ᠲᠤᠰ ᠤᠳᠠᠭᠠᠨ ᠤ ᠠᠷᠤ ᠬᠤᠷᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠬᠠᠩᠵᠧᠦ ᠳᠤ ᠣᠷᠣᠵᠤ ᠢᠷᠡᠬᠦ ᠨᠢ ᠴᠡᠪᠡᠷ ᠪᠣᠬᠢᠷᠲᠤᠯ ᠦᠭᠡᠶ ᠴᠢᠨᠠᠷ ᠰᠠᠶᠢᠲᠠᠶ ᠪᠦᠲᠦᠭᠡᠭᠳᠡᠬᠦᠨ ᠢ ᠬᠦᠴᠦᠲᠡᠶ ᠳᠡᠯᠭᠡᠷᠡᠭᠦᠯᠬᠦ ᠶᠢᠨ ᠬᠠᠮᠲᠤ ᠠᠵᠤ ᠠᠬᠤᠶᠢᠯᠠᠯ ᠳᠤ ᠨᠠᠩ ᠥᠷᠭᠡᠨ ᠳᠡᠯᠭᠡᠷ ᠬᠥᠭᠵᠢᠯᠲᠡ ᠶᠢᠨ ᠲᠠᠪᠴᠠᠩ ᠬᠠᠩᠭᠠᠪᠠ᠂ ᠲᠤᠰ ᠤᠳᠠᠭᠠᠨ ᠤ ᠤᠯᠠᠭᠠᠨᠬᠠᠳᠠ ᠶᠢᠨ ᠰᠠᠶᠢᠨ ᠡᠳ᠋ ᠢ ᠬᠠᠩᠵᠧᠦ ᠳᠤ ᠣᠷᠣᠭᠤᠯᠬᠤ ᠠᠵᠢᠯᠯᠠᠭ᠎ᠠ ᠶᠢᠨ ᠲᠡᠭᠦᠰ ᠠᠮᠵᠢᠯᠲᠠ ᠲᠠᠢ ᠪᠣᠯᠬᠤ ᠶᠢ ᠵᠥᠩᠨᠡᠨ ᠪᠡᠯᠭᠡᠳᠡᠵᠦ ᠪᠠᠶᠢᠨ᠎ᠠ ᠭᠡᠵᠡᠶ᠃
       ᠬᠠᠳᠠᠭᠠᠭᠰᠠᠨ ᠮᠢᠬ᠎ᠠ᠂ ᠦᠨᠦᠷ ᠠᠮᠲᠠᠲᠤ ᠴᠠᠭᠠᠨ ᠢᠳᠡᠭᠡ᠂ ᠨᠠᠷᠢᠮᠤ᠂ ᠬᠠᠷ᠎ᠠ ᠠᠷᠢᠬᠢ ᠵᠡᠷᠭᠡ ᠪᠦᠲᠦᠭᠡᠭᠳᠡᠬᠦᠨ ᠨᠢ ᠠᠷᠤ ᠬᠤᠷᠴᠢᠨ ᠬᠤᠰᠢᠭᠤᠨ ᠤ ᠭᠠᠵᠠᠷ ᠣᠷᠣᠨ ᠤ ᠣᠨᠴᠠᠯᠢᠭ ᠪᠠ ᠲᠠᠷᠢᠶᠠᠯᠠᠩ ᠤᠨ ᠷᠢᠳᠢ ᠰᠢᠳᠢ ᠶᠢ ᠢᠯᠡᠷᠡᠭᠦᠯᠵᠦ᠂ ᠥᠪᠡᠷ ᠥᠪᠡᠷ ᠤᠨ ᠳᠠᠪᠠᠭᠤᠯᠢᠭ ᠲᠠᠯ᠎ᠠ ᠲᠠᠢ ᠪᠠᠶᠢᠵᠤ᠂ ᠬᠠᠩᠵᠧᠦ ᠶᠢᠨ ᠮᠠᠰᠢ ᠣᠯᠠᠨ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ ᠪᠠᠶᠢᠨ᠎ᠠ᠃        ᠠᠷᠤ ᠬᠤᠷᠴᠢᠨ ᠬᠤᠰᠢᠭᠤᠨ ᠤ ᠨᠠᠮᠤᠷ ᠦᠨᠳᠦᠰᠦᠲᠡᠨ ᠤ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠳ᠋ᠦ᠋ ᠴᠥᠩ ᠹᠧᠩ ᠰᠤᠷᠪᠤᠯᠵᠢᠯᠠᠭᠴᠢ ᠳᠤ ᠡᠨᠡ ᠤᠳᠠᠭᠠᠨ ᠤ ᠠᠵᠢᠯᠯᠠᠭᠠᠨ ᠢᠶᠠᠷ ᠮᠠᠨ ᠤ ᠠᠷᠤ ᠬᠤᠷᠴᠢᠨ ᠬᠤᠰᠢᠭᠤᠨ ᠤ ᠠᠮᠲᠠᠲᠤ ᠢᠳᠡᠭᠡᠨ ᠢᠶᠠᠨ ᠬᠠᠩᠵᠧᠦ ᠳᠤ ᠠᠪᠴᠢᠷᠠᠭᠰᠠᠨ ᠳᠤ ᠮᠠᠰᠢ ᠪᠠᠶᠠᠷ ᠲᠠᠢ ᠪᠠᠶᠢᠨ᠎ᠠ᠃ ᠡᠳᠡᠭᠡᠷ ᠪᠦᠲᠦᠭᠡᠭᠳᠡᠬᠦᠨ ᠨᠢ ᠠᠮᠲᠠᠲᠤ ᠢᠲᠡᠭᠡᠨ ᠤ ᠬᠦᠷᠲᠡᠭᠡᠯ ᠪᠣᠯᠬᠤ ᠪᠠᠷ ᠪᠠᠷᠠᠬᠤ ᠦᠭᠡᠢ᠂ ᠨᠠᠩ ᠴᠤ ᠰᠣᠶᠣᠯ ᠤᠨ ᠰᠣᠯᠢᠯᠴᠠᠭ᠎ᠠ ᠪᠣᠯᠤᠭᠰᠠᠨ ᠭᠡᠳᠡᠭ ᠲᠤ ᠢᠲᠡᠭᠡᠯ ᠲᠠᠢ ᠪᠠᠶᠢᠨ᠎ᠠ᠂ ᠠᠷᠤ ᠬᠤᠷᠴᠢᠨ ᠬᠤᠰᠢᠭᠤ ᠪᠣᠯᠤᠨ ᠬᠠᠩᠵᠧᠦ ᠶᠢᠨ ᠬᠤᠭᠤᠷᠣᠨᠳᠣᠬᠢ ᠵᠠᠶ ᠶᠢ ᠥᠷᠭᠡᠳᠬᠡᠵᠦ᠂ ᠬᠠᠩᠵᠧᠦ ᠲᠠᠢ ᠤᠯᠠᠮ ᠨᠢᠭᠡ ᠠᠯᠬᠤᠮ ᠰᠣᠯᠢᠯᠴᠠᠭ᠎ᠠ ᠬᠠᠮᠲᠤᠷᠠᠯᠴᠠᠭ᠎ᠠ ᠬᠢᠵᠦ᠂ ᠲᠠᠯ᠎ᠠ ᠨᠤᠲᠤᠭ ᠤᠨ ᠰᠣᠶᠣᠯ ᠤᠨ ᠬᠥᠭᠵᠢᠯᠲᠡ ᠶᠢ ᠬᠠᠮᠲᠤ ᠪᠠᠷ ᠲᠦᠯᠬᠢᠨ‌ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃        ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠶᠠᠷ ᠢ ᠤᠶᠠᠯᠳᠤᠭᠤᠯᠬᠤ ᠠᠷᠭ᠎ᠠ ᠮᠠᠶ᠋ᠢᠭ ᠢᠶᠠᠷ 26 ᠤ ᠡᠳᠦᠷ ᠠᠴᠠ 28 ᠤ ᠡᠳᠦᠷ ᠪᠣᠯᠲᠠᠯ᠎ᠠ ᠬᠤᠶᠠᠷ ᠡᠳᠦᠷ ᠤᠨ ᠬᠤᠭᠤᠴᠠᠭ᠎ᠠ ᠲᠠᠢ ᠦᠷᠭᠦᠯᠵᠢᠯᠡᠨ ᠶᠠᠪᠤᠭᠳᠠᠵᠤ  ᠡᠬᠢᠯᠡᠯᠲᠡ ᠶᠢᠨ ᠶᠣᠰᠣᠯᠠᠯ᠂ ᠪᠦᠲᠦᠭᠡᠭᠳᠡᠬᠦᠨ ᠢ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ᠂ ᠠᠶᠢᠮᠠᠭ ᠬᠤᠲᠠ  ᠶᠢᠨ ᠭᠤᠤᠯ ᠰᠡᠳᠦᠪᠲᠦ ᠡᠳᠦᠷ᠂ ᠡᠯᠧᠺᠲᠷᠣᠨ ᠬᠤᠳᠠᠯᠳᠤᠭ᠎ᠠ ᠪᠠᠷ ᠪᠦᠲᠦᠭᠡᠭᠳᠡᠬᠦᠨ ᠢ ᠰᠣᠩᠭᠤᠨ ᠬᠤᠳᠠᠯᠳᠤᠨ ᠠᠪᠬᠤ ᠶᠢ ᠵᠣᠯᠭᠠᠭᠤᠯᠬᠤ ᠵᠡᠷᠭᠡ ᠪᠠᠷ ᠬᠤᠪᠢᠶᠠᠭᠳᠠᠨ ᠶᠠᠪᠤᠭᠳᠠᠬᠤ ᠪᠣᠯᠤᠨ᠎ᠠ᠃ ᠠᠷᠤ ᠬᠤᠷᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠠᠯᠲᠠᠨᠰᠠᠩ ᠠᠴᠠ ᠡᠨᠡ ᠤᠳᠠᠭ᠎ᠠ ᠶᠢᠨ ᠬᠠᠩᠵᠧᠦ ᠳᠤ ᠶᠠᠪᠤᠭᠳᠠᠭᠰᠠᠨ ᠳᠡᠯᠭᠡᠨ ᠪᠣᠷᠣᠯᠠᠭᠤᠯᠭ᠎ᠠ ᠶᠢᠨ ᠠᠵᠢᠯᠯᠠᠭ᠎ᠠ ᠳᠤ᠂ ᠮᠠᠨ ᠤ ᠠᠷᠤ ᠬᠤᠷᠴᠢᠨ ᠤ ᠬᠢᠨ ᠠᠷᠪᠠ ᠭᠠᠷᠤᠶ ᠦᠢᠯᠡᠳᠪᠦᠷᠢᠯᠡᠯ ᠤᠨ ᠭᠤᠤᠯ ᠴᠣᠭᠴᠠ ᠶᠢᠨ ᠡᠯᠳᠡᠪ ᠠᠮᠤ᠂ ᠡᠯᠳᠡᠪ ᠪᠤᠷᠴᠠᠭ᠂ ᠨᠠᠷᠢᠮᠤ᠂ ᠨᠣᠭᠤᠭᠠᠨ ᠪᠤᠷᠴᠠᠭ᠂ ᠦᠬᠡᠷ ᠬᠤᠨᠢᠨ ᠮᠢᠬ᠎ᠠ᠂ ᠴᠠᠭᠠᠨ ᠢᠳᠡᠭᠡ᠂ ᠠᠷᠢᠬᠢ ᠵᠡᠷᠭᠡ 80 ᠭᠠᠷᠤᠶ ᠵᠦᠢᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠠᠪᠴᠢᠷᠠᠭᠰᠠᠨ ᠪᠠᠶᠢᠨ᠎ᠠ  ᠃ ᠳᠡᠯᠭᠡᠨ ᠪᠣᠷᠣᠯᠠᠭᠤᠯᠭ᠎ᠠ  ᠶᠢᠨ ᠪᠠᠶᠢᠳᠡᠯ  ᠠᠴᠠ ᠦᠵᠡᠪᠡᠯ᠂ ᠮᠠᠨ ᠤ ᠠᠷᠤ ᠬᠤᠷᠴᠢᠨ ᠬᠤᠰᠢᠭᠤᠨ ᠤ ᠬᠡᠰᠡᠭ ᠪᠦᠲᠦᠭᠡᠭᠳᠡᠬᠦᠨ ᠢᠶᠠᠨ ᠨᠢᠭᠡᠨᠲᠡ ᠬᠤᠳᠠᠯᠳᠤᠨ ᠳᠠᠭᠤᠰᠬᠠᠭᠠᠳ᠂ ᠬᠠᠩᠵᠧᠦ ᠬᠤᠲᠠ ᠶᠢᠨ ᠠᠷᠠᠳ ᠤᠨ ᠬᠦᠷᠢᠶᠡᠯᠡᠯ ᠢ ᠣᠯᠵᠠᠶ ᠭᠡᠰᠡᠨ ᠪᠠᠶᠢᠨ᠎ᠠ᠃        ᠠᠷᠤ ᠬᠤᠷᠴᠢᠨ ᠬᠤᠰᠢᠭᠤᠨ ᠤ ᠰᠠᠶᠢᠨ ᠡᠳ᠋ ᠨᠢ ᠬᠠᠩᠵᠧᠦ ᠬᠤᠲᠠ ᠶᠢᠨ ᠠᠷᠠᠳ ᠲᠤ ᠠᠮᠲᠠᠲᠤ ᠢᠳᠡᠭᠡᠨ ᠠᠪᠠᠴᠢᠭᠰᠠᠨ ᠢᠶᠠᠷ ᠪᠠᠷᠠᠬᠤ ᠥᠬᠡᠶ᠂ ᠪᠠᠰᠠ ᠠᠷᠤ ᠬᠤᠷᠴᠢᠨ ᠬᠤᠰᠢᠭᠤᠨ ᠤ ᠬᠠᠯᠠᠭᠤᠨ ᠰᠡᠳᠬᠢᠯᠭᠡ ᠪᠠ ᠦᠨᠡᠨᠴᠢ ᠰᠡᠳᠬᠢᠯ ᠢ ᠢᠯᠡᠷᠡᠭᠦᠯᠵᠦ᠂ ᠬᠠᠩᠵᠧᠦ ᠳᠤ ᠤᠯᠠᠮ ᠨᠢᠭᠡ ᠠᠯᠬᠤᠮ ᠠᠷᠤ ᠬᠤᠷᠴᠢᠨ ᠬᠤᠰᠢᠭᠤᠨ ᠤ ᠨᠡᠷ᠎ᠡ ᠶᠢᠨ ᠬᠠᠭᠤᠳᠠᠰᠤ ᠶᠢ ᠳᠠᠮᠵᠢᠭᠤᠯᠤᠭᠰᠠᠨ ᠪᠢᠯᠡ᠂ ᠡᠨᠡ ᠬᠦ ᠨᠡᠷ᠎ᠡ ᠶᠢᠨ ᠬᠠᠭᠤᠳᠠᠰᠤ ᠨᠢ ᠨᠠᠩ ᠣᠯᠠᠨ ᠬᠥᠮᠦᠰ ᠤᠨ ᠠᠩᠬᠠᠷᠤᠯ  ᠢ ᠲᠠᠲᠠᠵᠤ᠂ ᠠᠷᠤ ᠬᠤᠷᠴᠢᠨ ᠬᠤᠰᠢᠭᠤᠨ ᠤ ᠬᠥᠭᠵᠢᠯᠲᠡ ᠳᠤ ᠰᠢᠨ᠎ᠡ ᠠᠵᠠ ᠲᠣᠬᠢᠶᠠᠯ ᠠᠪᠴᠢᠷᠠᠬᠤ ᠨᠢ ᠭᠠᠷᠴᠠᠭ᠎ᠠ ᠦᠭᠡᠢ᠃ ︵ᠵᠣᠤ ᠶᠠ ᠨᠠᠨ   ᠪᠠᠳᠠᠷᠠᠬᠤ︶  
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号