10 ᠰᠠᠷ᠎ᠠ ᠶᠢᠨ 28 ᠤ ᠡᠳᠦᠷ᠂ ᠠᠷᠤ ᠬᠤᠷᠴᠢᠨ ᠬᠤᠰᠢᠭᠤᠨ ᠤ ᠡᠯᠧᠺᠲᠷᠤᠨ ᠬᠤᠳᠠᠯᠳᠤᠭᠠᠨ ᠤ | ᠨᠡᠢᠭᠡᠮᠯᠢᠭ ᠵᠢᠩᠬᠢᠨᠢ ᠪᠠᠷ ᠪᠠᠶᠢᠭᠤᠯᠤᠭᠳᠠᠵᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠶᠦᠩ ᠮᠢᠩ᠂ ᠤᠯᠠᠭᠠᠨᠬᠠᠳᠠ ᠶᠢᠨ | ᠤᠮᠠᠷᠠᠲᠤ ᠶᠢᠨ ᠦᠨᠳᠦᠰᠦᠲᠡᠨ ᠤ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ ᠵᠠᠬᠢᠷᠤᠯ ᠯᠢᠦ ᠸᠧᠨ ᠴᠢᠩ | ᠢᠯᠡᠷᠬᠡᠶᠢᠯᠡᠯ ᠰᠡᠬᠦᠬᠦ ᠶᠣᠰᠣᠯᠠᠯ ᠳᠤ ᠣᠷᠣᠯᠴᠠᠪᠠ᠃ | | | | | | | | ᠭᠦᠸᠧ ᠶᠦᠩ ᠮᠢᠩ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠬᠦ ᠳᠡᠭᠡᠨ ᠴᠢᠬᠤᠯᠠᠴᠢᠯᠠᠭᠰᠠᠨ ᠨᠢ᠂ ᠠᠷᠤ | ᠬᠤᠷᠴᠢᠨ ᠬᠤᠰᠢᠭᠤᠨ ᠤ ᠡᠯᠧᠺᠲᠷᠤᠨ ᠬᠤᠳᠠᠯᠳᠤᠭᠠᠨ ᠤ ᠨᠡᠶᠢᠭᠡᠮᠯᠢᠭ ᠪᠠᠶᠢᠭᠤᠯᠤᠭᠳᠠᠭᠰᠠᠨ ᠨᠢ ᠮᠠᠨ ᠤ | ᠬᠤᠰᠢᠭᠤᠨ ᠤ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠳᠤ ᠰᠣᠯᠢᠯᠴᠠᠭ᠎ᠠ ᠬᠢᠵᠦ ᠬᠠᠮᠲᠤᠷᠠᠯᠴᠠᠬᠤ᠂ ᠡᠬᠢ | ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤ ᠪᠠᠷ ᠬᠥᠭᠵᠢᠬᠦ ᠲᠠᠪᠴᠠᠩ ᠢ ᠬᠠᠩᠭᠠᠬᠤ ᠪᠣᠯᠤᠨ᠎ᠠ᠃ ᠡᠯᠧᠺᠲᠷᠤᠨ | ᠬᠤᠳᠠᠯᠳᠤᠭᠠᠨ ᠤ ᠨᠡᠶᠢᠭᠡᠮᠯᠢᠭ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ | ᠲᠥᠷᠥᠯ ᠤᠨ ᠪᠣᠯᠪᠠᠰᠤᠷᠠᠯ ᠰᠣᠯᠢᠯᠴᠠᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠂ ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ ᠶᠢ ᠳᠡᠭᠡᠳᠦ ᠬᠡᠮᠵᠢᠶ᠎ᠡ ᠪᠠᠷ ᠴᠢᠩᠭᠠᠳᠬᠠᠨ᠂ ᠡᠯᠧᠺᠲᠷᠤᠨ ᠬᠤᠳᠠᠯᠳᠤᠭ᠎ᠠ ᠪᠠ ᠪᠣᠳᠠᠲᠤ | ᠴᠣᠭᠴᠠ ᠶᠢᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠮᠠᠨ ᠤ ᠬᠤᠰᠢᠭᠤᠨ ᠤ | ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ ᠭᠡᠪᠡ᠃ ᠲᠡᠷᠡ ᠪᠠᠰᠠ | ᠡᠯ᠎ᠡ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠤᠨ ᠲᠥᠯᠥᠭᠡᠯᠡᠭᠴᠢ ᠡᠯᠧᠺᠲᠷᠤᠨ ᠬᠤᠳᠠᠯᠳᠤᠭᠠᠨ ᠤ | ᠨᠡᠶᠢᠭᠡᠮᠯᠢᠭ ᠪᠠᠶᠢᠭᠤᠯᠤᠭᠳᠠᠭᠰᠠᠨ ᠢᠶᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭ᠎ᠠ ᠪᠠᠨ ᠴᠢᠩᠭᠠᠳᠬᠠᠨ᠂ | ᠰᠢᠨ᠎ᠡ ᠶᠢ ᠡᠭᠦᠳᠦᠨ ᠬᠥᠭᠵᠢᠭᠦᠯᠵᠦ᠂ ᠠᠷᠤ ᠬᠤᠷᠴᠢᠨ ᠬᠤᠰᠢᠭᠤᠨ ᠤ ᠣᠨᠴᠠᠯᠢᠭ ᠪᠦᠬᠦᠢ ᠡᠯᠧᠺᠲᠷᠤᠨ | ᠬᠤᠳᠠᠯᠳᠤᠭᠠᠨ ᠤ ᠨᠠᠷᠡᠲᠤ ᠲᠡᠮᠳᠡᠭᠲᠦ ᠶᠢ ᠡᠭᠦᠳᠴᠦ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠵᠢᠯ ᠣᠯᠭᠤᠵᠤ ᠦᠢᠯᠡᠰ ᠴᠣᠭᠴᠠᠯᠠᠬᠤ ᠵᠡᠷᠭᠡ ᠠᠵᠢᠯ ᠳᠤ ᠨᠠᠩ ᠶᠡᠭᠡ ᠬᠤᠪᠢ ᠨᠡᠮᠡᠷᠢ | ᠦᠵᠡᠭᠦᠯᠬᠦ ᠶᠢ ᠬᠦᠰᠡᠭᠰᠡᠨ ᠪᠠᠶᠢᠨ᠎ᠠ᠃ | | | | | ᠳᠠᠷᠠᠭ᠎ᠠ ᠨᠢ ᠭᠦᠸᠧ ᠶᠦᠩ ᠮᠢᠩ᠂ ᠯᠢᠦ ᠸᠧᠨ ᠴᠢᠩ᠂ ᠬᠤᠰᠢᠭᠤᠨ ᠬᠤᠳᠠᠯᠳᠤᠭᠠᠨ ᠤ ᠶᠠᠪᠤᠳᠠᠯ ᠪᠠ | ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠬᠠᠷᠢᠭᠤᠴᠠᠯᠭᠠᠲᠠᠨ᠂ ᠠᠷᠤ ᠬᠤᠷᠴᠢᠨ ᠬᠤᠰᠢᠭᠤᠨ ᠤ | ᠡᠯᠧᠺᠲᠷᠤᠨ ᠬᠤᠳᠠᠯᠳᠤᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠬᠠᠮᠲᠤ ᠪᠠᠷ ︽ᠠᠷᠤ ᠬᠤᠷᠴᠢᠨ | ᠬᠤᠰᠢᠭᠤᠨ ᠤ ᠡᠯᠧᠺᠲᠷᠤᠨ ᠬᠤᠳᠠᠯᠳᠤᠭᠠᠨ ᠤ ᠨᠡᠶᠢᠭᠡᠮᠯᠢᠭ︾ ᠤᠨ ᠢᠯᠡᠷᠬᠡᠶᠢᠯᠡᠯ ᠢ ᠰᠡᠬᠦᠪᠡ᠃ | ᠠᠷᠤ ᠬᠤᠷᠴᠢᠨ ᠬᠤᠰᠢᠭᠤᠨ ᠤ ᠡᠯᠧᠺᠲᠷᠤᠨ ᠬᠤᠳᠠᠯᠳᠤᠭᠠᠨ ᠤ ᠨᠡᠶᠢᠭᠡᠮᠯᠢᠭ ᠪᠠᠶᠢᠭᠤᠯᠤᠭᠳᠠᠭᠰᠠᠨ ᠨᠢ | ᠮᠠᠨ ᠤ ᠬᠤᠰᠢᠭᠤᠨ ᠤ ᠡᠯᠧᠺᠲᠷᠤᠨ ᠬᠤᠳᠠᠯᠳᠤᠭᠠᠨ ᠤ ᠦᠢᠯᠡᠰ ᠲᠤ ᠥᠷᠭᠡᠨ ᠲᠠᠪᠴᠠᠩ ᠢ ᠪᠠᠶᠢᠭᠤᠯᠵᠤ᠂ ᠡᠬᠢ | ᠪᠠᠶᠠᠯᠢᠭ ᠢ ᠨᠡᠢᠳᠬᠡᠬᠦ ᠪᠠ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠶᠢᠨ ᠬᠠᠮᠲᠤ᠂ ᠮᠠᠨ ᠤ ᠬᠤᠰᠢᠭᠤᠨ ᠤ | ᠡᠯᠧᠺᠲᠷᠤᠨ ᠬᠤᠳᠠᠯᠳᠤᠭᠠᠨ ᠤ ᠦᠢᠯᠡᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠡᠯᠧᠺᠲᠷᠤᠨ | ᠬᠤᠳᠠᠯᠳᠤᠭᠠᠨ ᠤ ᠦᠢᠯᠡᠰ ᠤᠨ ᠰᠢᠨ᠎ᠡ ᠲᠦᠪᠰᠢᠨ ᠳᠤ ᠬᠦᠷᠬᠦ ᠶᠢ ᠠᠬᠢᠭᠤᠯᠬᠤ ᠪᠣᠯᠤᠨ᠎ᠠ᠃ ︵ᠯᠢᠦ ᠰᠢᠨ ᠲᠢᠩ︶ | | | |