ᠳᠠᠷᠠᠭ ᠠᠶᠢᠷᠠᠭ ᠤᠨ ᠦᠨᠦᠷ ᠬᠠᠩᠬᠤᠯᠤᠭᠰᠠᠨ ᠲᠠᠩᠰᠤᠭ ᠨᠠᠮᠤᠷ ᠤᠨ ᠤᠯᠠᠷᠢᠯ ᠢᠶᠠᠷ᠂ ᠱᠣᠣ ᠪᠠᠯᠭᠠᠰᠤ ᠶᠢᠨ | ᠠᠯᠠᠭᠱᠠ ᠭᠠᠴᠠᠭ᠎ᠠ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠠ ᠪᠦᠯᠬᠦᠮᠳᠡᠯ ᠤᠨ ᠠᠭᠤᠷ ᠠᠮᠢᠰᠬᠤᠯ ᠢᠶᠠᠷ | ᠪᠢᠯᠬᠠᠨ᠎ᠠ᠃ | | | | | | | | | | | 10 ᠰᠠᠷ᠎ᠠ ᠶᠢᠨ 28 ᠤ ᠡᠳᠦᠷ᠂ ᠱᠣᠣ ᠪᠠᠯᠭᠠᠰᠤ ᠶᠢᠨ ᠠᠯᠠᠭᠱᠠ ᠭᠠᠴᠠᠭ᠎ᠠ ᠡᠯᠪᠡᠭ ᠬᠤᠷᠢᠶᠠᠯᠲᠠ ᠪᠠᠨ | ᠪᠡᠯᠭᠡᠯᠡᠬᠦ ᠵᠢᠴᠢ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠰᠢᠷᠢᠰ ᠠᠵᠢᠯᠯᠠᠭᠠᠨ ᠥᠷᠨᠢᠭᠦᠯᠦᠨ᠂ ᠠᠵᠠ ᠵᠢᠷᠭᠠᠯᠲᠤ | ᠠᠮᠢᠳᠤᠷᠠᠯ ᠢᠶᠠᠨ ᠪᠠᠭ᠋ᠠᠳᠤᠨ ᠳᠠᠭᠤᠯᠠᠬᠤ ᠶᠢᠨ ᠤᠯᠠᠮ ᠢᠶᠠᠷ ᠠᠭᠤᠤ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ | ᠬᠠᠶᠢᠷᠠᠯᠠᠬᠤ ᠢᠲᠡᠭᠡᠯ ᠬᠦᠰᠡᠯ ᠨᠢ ᠨᠡᠩᠳᠡ ᠬᠥᠪᠴᠢᠯᠡᠭᠳᠡᠨ᠂ ︽ᠮᠢᠨᠦ ᠰᠠᠶᠢᠬᠠᠨ ᠠᠯᠠᠭᠱᠠ︾᠂ ︽ᠨᠠᠮ ᠳᠤ ᠪᠠᠨ | ᠡᠷᠭᠦᠬᠦ ᠪᠡᠯᠡᠭ︾ ᠵᠡᠷᠭᠡ ᠤᠶᠠᠩᠭ᠎ᠠ ᠳᠠᠭᠤᠤ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ ᠶᠢᠨ ᠬᠠᠮᠲᠤ ᠳᠡᠭᠡᠰᠦ | ᠲᠠᠲᠠᠬᠤ ᠤᠷᠤᠯᠳᠤᠭᠠᠨ ᠶᠠᠪᠤᠭᠳᠠᠭᠤᠯᠤᠨ᠂ ᠠᠯᠳᠠᠨ ᠨᠠᠮᠤᠷ ᠤᠨ ᠡᠯᠪᠡᠭ ᠬᠤᠷᠢᠶᠠᠯᠲᠠ ᠪᠠᠨ ᠤᠳᠬ᠎ᠠ ᠲᠡᠭᠦᠯᠳᠡᠷ | ᠪᠡᠯᠭᠡᠯᠡᠭᠰᠡᠨ ᠪᠠᠶᠢᠨ᠎ᠠ᠃ | | | | | | | | | | | | | | | | | ᠲᠤᠰ ᠤᠳᠠᠭᠠᠨ ᠤ ᠠᠵᠢᠯᠯᠠᠭᠠᠨ ᠨᠢ ᠤᠷᠠᠨ ᠰᠠᠶᠢᠬᠠᠨ ᠤ ᠲᠣᠭᠯᠠᠯᠲᠠ᠂ ᠤᠷᠤᠯᠳᠤᠭᠠᠨ | ᠮᠦᠷᠦᠶᠢᠴᠡᠭᠡᠨ ᠠᠴᠠ ᠭᠠᠳᠠᠨ᠎ᠠ᠂ ᠪᠠᠰᠠ ᠭᠠᠴᠠᠭᠠᠨ ᠤ ᠪᠠᠨ 70 ᠨᠠᠰᠤᠨ ᠠᠴᠠ ᠳᠡᠭᠡᠭᠰᠢᠬᠢ ᠠᠬᠠᠮᠠᠳ | ᠨᠠᠰᠤᠲᠠᠶᠢᠴᠤᠳ ᠲᠤ ᠪᠠᠨ ᠬᠦᠨᠳᠦᠳᠬᠡᠯ ᠤᠨ ᠪᠡᠯᠡᠭ ᠭᠠᠷᠳᠠᠭᠤᠯᠬᠤ᠂ ᠡᠷᠦᠬᠡ ᠪᠣᠯᠭᠠᠨ ᠳᠤ ᠳᠤᠷᠠᠰᠬᠠᠯ ᠤᠨ ᠪᠣᠳᠠᠰ | ᠬᠦᠷᠭᠡᠬᠦ᠂ ᠠᠯᠠᠭᠱᠠ ᠭᠠᠴᠠᠭᠠᠨ ᠤ ᠳᠠᠭᠤᠤ ᠶᠢ ᠵᠣᠬᠢᠶᠠᠨ ᠪᠦᠲᠦᠭᠡᠭᠰᠡᠨ ᠤᠷᠠᠨ ᠪᠦᠲᠦᠭᠡᠯᠴᠢᠳ ᠢᠶᠠᠨ | ᠬᠥᠬᠢᠭᠦᠯᠬᠦ ᠶᠢᠨ ᠬᠠᠮᠲᠤ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠤᠨ ᠲᠠᠶᠢᠯᠪᠤᠷᠢᠯᠠᠵᠤ᠂ ᠠᠷᠠᠳ ᠲᠤ ᠳᠥᠭᠦᠮ ᠦᠵᠡᠭᠦᠯᠬᠦ ᠡᠮᠴᠢᠯᠡᠭᠡᠨ ᠤ ᠦᠢᠯᠡᠴᠢᠯᠡᠭᠡ ᠬᠠᠩᠭᠠᠨ᠂ ᠪᠠᠰᠠ | ᠨᠤᠲᠤᠭ ᠤᠨ ᠠᠷᠠᠳ ᠠᠴᠠ ᠭᠠᠴᠠᠭᠠᠨ ᠳᠤ ᠪᠠᠨ ᠤᠷᠠᠨ ᠪᠢᠴᠢᠯᠭᠡ᠂ ᠤᠷᠠᠨ ᠣᠶᠣᠳᠠᠯ ᠢᠶᠠᠨ ᠪᠡᠯᠡᠭ ᠪᠣᠯᠭᠠᠨ | ᠡᠷᠭᠦᠭᠰᠡᠨ ᠡᠯᠪᠡᠭ ᠪᠠᠶᠠᠯᠢᠭ ᠠᠭᠤᠯᠭ᠎ᠠ ᠢᠶᠠᠷ ᠶᠠᠪᠤᠭᠳᠠᠭᠰᠠᠨ ᠨᠢ ᠪᠦᠬᠦ ᠭᠠᠴᠠᠭᠠᠨ ᠤ ᠨᠠᠮ ᠤᠨ ᠭᠡᠰᠢᠭᠦᠨ᠂ ᠺᠠᠳ᠋ᠷ | ᠠᠵᠢᠯᠲᠠᠨ᠂ ᠠᠷᠠᠳ ᠲᠦᠮᠡᠨ ᠤ ᠬᠠᠮᠲᠤ ᠶᠢᠨ ᠢᠳᠡᠪᠬᠢᠵᠢᠯ ᠢ ᠨᠢᠭᠲᠠᠷᠠᠭᠤᠯᠵᠤ᠂ ᠰᠣᠶᠣᠯ ᠤᠨ ᠠᠮᠢᠳᠤᠷᠠᠯ ᠢ ᠨᠢ | ᠪᠠᠶᠠᠯᠢᠭᠵᠢᠭᠤᠯᠤᠨ᠂ ᠭᠠᠴᠠᠭ᠎ᠠ ᠲᠣᠰᠬᠤᠨ ᠤ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ ᠪᠠ | ᠬᠠᠮᠲᠤᠷᠠᠯᠴᠠᠯ ᠢ ᠠᠬᠢᠭᠤᠯᠵᠠᠶ᠃ | | | | | | | | | | | | | | | | | | | | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠠᠯᠠᠭᠱᠠ ᠭᠠᠴᠠᠭ᠎ᠠ ᠶᠢᠨ ᠬᠠᠮᠲᠤ ᠶᠢᠨ ᠠᠵᠤ ᠠᠬᠤᠶ ᠶᠢᠨ | ᠬᠥᠭᠵᠢᠯᠲᠡ ᠨᠢ ᠡᠳᠦᠷ ᠠᠴᠠ ᠡᠳᠦᠷ ᠰᠠᠶᠢᠵᠢᠷᠠᠨ᠂ ᠢᠯᠡᠳᠲᠡ ᠦᠷ᠎ᠡ ᠪᠦᠲᠦᠮᠵᠢ ᠣᠯᠵᠤ᠂ ᠬᠠᠮᠲᠤ ᠶᠢᠨ ᠠᠵᠤ | ᠠᠬᠤᠶ ᠶᠢᠨ ᠵᠢᠯ ᠤᠨ ᠳᠤᠮᠳᠠᠴᠢ ᠣᠷᠣᠯᠭ᠎ᠠ 100 ᠲᠦᠮᠡᠨ ᠲᠥᠭᠦᠷᠢᠭ ᠢ ᠲᠠᠪᠠᠨ᠂ ᠭᠠᠴᠠᠭᠠᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠲᠠᠯ᠎ᠠ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠵᠤ | ᠪᠠᠶᠢᠨ᠎ᠠ᠃ ︵ᠰᠣᠶᠣᠯᠴᠢᠮᠡᠭ ᠪᠠᠳᠠᠷᠠᠬᠤ︶ | | |