10 ᠰᠠᠷ᠎ᠠ ᠶᠢᠨ 29 ᠤ ᠡᠳᠦᠷ᠂ ᠵᠦᠩ ᠬᠤᠸᠠ ᠬᠢᠮᠢ ᠶᠢᠨ ᠪᠣᠷᠳᠣᠭᠤᠷ ᠤᠨ ᠬᠢᠵᠠᠭᠠᠷᠲᠤ ᠺᠣᠮᠫᠠᠨᠢ ᠶᠢᠨ | ᠨᠠᠮ ᠤᠨ ᠬᠤᠷᠢᠶ᠎ᠠ ᠶᠢᠨ ᠳᠡᠳ᠋ ᠱᠦᠵᠢ ᠪᠠᠶ ᠸᠧᠶ᠂ ᠵᠡᠭᠦᠨ ᠬᠤᠶᠢᠲᠤ ᠣᠷᠣᠨ ᠤ ᠶᠡᠷᠦᠩᠬᠡᠶ ᠳᠠᠭᠠᠭᠠᠮᠠᠯ ᠡᠦ ᠵᠢᠶᠠ | ᠸᠧᠶ᠂ ᠵᠥᠩ ᠬᠤᠸᠠ ᠬᠢᠮᠢ ᠶᠢᠨ ᠪᠣᠷᠳᠣᠭᠤᠷ ᠤᠨ ᠳᠠᠭᠠᠭᠤᠯᠤᠭᠴᠢ ᠺᠯᠦᠪ ᠤᠨ ᠲᠥᠯᠥᠭᠡᠯᠡᠭᠴᠢ ᠸᠠᠩ ᠴᠤᠸᠠᠨ | ᠸᠧᠨ ᠨᠠᠷ ᠠᠷᠤ ᠬᠤᠷᠴᠢᠨ ᠬᠤᠰᠢᠭᠤᠨ ᠳᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ | ᠰᠤᠳᠤᠯᠤᠭᠰᠠᠨ ᠪᠥᠭᠡᠳ ᠬᠠᠨᠳᠢᠪᠯᠠᠬᠤ ᠶᠣᠰᠣᠯᠠᠯ ᠶᠠᠪᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠤᠸᠠᠨ ᠪᠢᠨ ᠵᠢᠴᠢ ᠬᠠᠮᠢᠶ᠎ᠠ ᠪᠦᠬᠦᠢ | ᠨᠢᠭᠡᠴᠢ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃ | | | | | | | | | | | ᠬᠠᠨᠳᠢᠪᠯᠠᠬᠤ ᠶᠣᠰᠣᠯᠠᠯ ᠳᠡᠭᠡᠷ᠎ᠡ᠂ ᠵᠥᠩ ᠬᠤᠸᠠ ᠬᠢᠮᠢ ᠶᠢᠨ ᠪᠣᠷᠳᠣᠭᠤᠷ ᠤᠨ ᠳᠠᠭᠠᠭᠤᠯᠤᠭᠴᠢ ᠺᠯᠦᠪ ᠤᠨ | ᠬᠢᠨ ᠭᠠᠩᠭᠠᠲᠠᠶ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠪᠢᠴᠢᠭ ᠤᠨ ᠪᠣᠭᠴᠣ᠂ ᠪᠢᠴᠢᠭ ᠤᠨ ᠬᠡᠷᠡᠭᠰᠡᠯ | ᠲᠣᠰᠪᠣᠷᠢ 100 ᠢᠵᠢ ᠬᠠᠨᠳᠢᠪᠯᠠᠨ᠂ ᠰᠢᠨᠵᠢᠯᠡᠬᠦ ᠤᠬᠠᠭᠠᠨ᠂ ᠤᠳᠬ᠎ᠠ ᠵᠣᠬᠢᠶᠠᠯ᠂ ᠲᠡᠦᠬᠡ ᠵᠡᠷᠭᠡ ᠤᠯᠠᠨ | ᠬᠦᠷᠢᠶ᠎ᠡ ᠶᠢ ᠬᠠᠮᠤᠷᠤᠭᠰᠠᠨ ᠨᠣᠮ ᠪᠢᠴᠢᠭ ᠨᠡᠶᠢᠲᠡ 150 ᠳᠡᠪᠲᠡᠷ ᠬᠠᠨᠳᠢᠪᠯᠠᠵᠤ᠂ ᠪᠠᠭ᠎ᠠ ᠬᠡᠦᠬᠡᠳ ᠤᠳ ᠲᠤ | ᠪᠠᠶᠠᠯᠢᠭ ᠣᠶᠤᠨ ᠤ ᠬᠦᠨᠡᠰᠦ ᠬᠠᠩᠭᠠᠭᠰᠠᠨ ᠪᠠᠶᠢᠨ᠎ᠠ᠃ | ᠪᠠᠶ ᠸᠧᠶ ᠶᠠᠷᠢᠶᠠᠨ ᠳᠠᠭᠠᠨ ᠬᠡᠦᠬᠡᠳ ᠤᠳ ᠢ ᠴᠢᠷᠮᠠᠶᠢᠨ ᠰᠤᠷᠤᠯᠴᠠᠵᠤ᠂ ᠡᠷᠡᠭᠦᠯ ᠴᠢᠭᠢᠷᠠᠭ ᠪᠠᠶᠠᠷ | ᠬᠥᠷ ᠲᠠᠢ ᠦᠰᠦᠨ ᠪᠤᠶᠢᠵᠢᠵᠤ᠂ ᠠᠯᠤᠰ ᠬᠡᠲᠦ ᠶᠢᠨ ᠬᠦᠰᠡᠯᠡᠩ ᠢ ᠪᠤᠢ ᠪᠣᠯᠭᠠᠨ᠂ ᠡᠷᠳᠡᠮ ᠮᠡᠳᠡᠯᠭᠡ ᠪᠠᠷ | ᠥᠪᠡᠷ ᠢ ᠪᠠᠨ ᠵᠡᠪᠰᠡᠭᠯᠡᠵᠦ᠂ ᠡᠷᠲᠡ ᠨᠢᠭᠡᠨ ᠡᠳᠦᠷ ᠤᠯᠤᠰ ᠣᠷᠣᠨ ᠤ ᠲᠤᠯᠭᠠᠭᠤᠷᠢ ᠬᠦᠴᠦᠨ ᠪᠣᠯᠬᠤ ᠡᠷᠳᠡᠮ | ᠴᠢᠳᠠᠪᠤᠷᠢᠲᠠᠨ ᠪᠣᠯᠬᠤ ᠶᠢ ᠵᠣᠷᠢᠭᠵᠢᠭᠤᠯᠬᠤ ᠶᠢᠨ ᠬᠠᠮᠲᠤ ᠵᠥᠩ ᠬᠤᠸᠠ ᠬᠢᠮᠢ ᠶᠢᠨ ᠪᠣᠷᠳᠣᠭᠤᠷ ᠤᠨ ᠬᠢᠵᠠᠭᠠᠷᠲᠤ | ᠺᠣᠮᠫᠠᠨᠢ ᠨᠢ ᠠᠵᠤᠠᠬᠤᠶᠢᠯᠠᠯ ᠤᠨ ᠬᠠᠷᠢᠭᠤᠴᠠᠯᠭ᠎ᠠ ᠡᠭᠦᠷᠭᠡᠯᠡᠯ ᠢᠶᠠᠨ ᠦᠷᠭᠦᠯᠵᠢᠯᠡᠨ ᠭᠦᠢᠴᠡᠳᠬᠡᠵᠦ᠂ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠨᠢᠭᠡᠳᠦᠯᠲᠡᠶ ᠲᠥᠯᠥᠪᠵᠢᠭᠦᠯᠦᠨ ᠤᠨᠢᠨ ᠳᠡᠭᠡᠷ᠎ᠡ ᠨᠢ ᠬᠠᠪᠰᠤᠷᠤᠨ ᠲᠡᠳᠬᠦᠨ᠎ᠡ ᠭᠡᠪᠡ᠃ | | | | | | | | | | | ᠶᠣᠰᠣᠯᠠᠯ ᠤᠨ ᠳᠠᠷᠠᠭ᠎ᠠ᠂ ᠪᠠᠶ ᠸᠧᠶ ᠬᠤᠰᠢᠭᠤᠨ ᠤᠳᠤᠷᠢᠳᠤᠯᠭ᠎ᠠ ᠨᠠᠷ ᠲᠠᠢ ᠬᠠᠮᠲᠤ ᠪᠠᠷ ᠴᠢᠪᠠᠭ᠎ᠠ | ᠪᠠᠯᠭᠠᠰᠤ ᠶᠢᠨ ᠰᠢᠨ ᠫᠢᠩ ᠲᠣᠰᠬᠤᠨ ᠳᠤ ᠬᠦᠷᠴᠦ ᠴᠡᠭ ᠲᠣᠭᠲᠠᠭᠠᠨ ᠬᠠᠪᠰᠤᠷᠤᠨ ᠲᠡᠳᠬᠦᠭᠰᠡᠨ ᠪᠠᠶᠢᠳᠡᠯ ᠢ | ᠪᠠᠶᠢᠴᠠᠭᠠᠨ ᠰᠤᠳᠤᠯᠵᠤ᠂ ᠪᠠᠰᠠ ᠲᠢᠶᠠᠨ ᠶᠦᠨ ᠾᠧ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠣᠮᠫᠠᠨᠢ᠂ ᠲᠠᠯ᠎ᠠ ᠶᠢᠨ ᠬᠤᠸᠠᠡᠾᠦ᠋ᠢ ᠫᠧᠩ ᠢᠳᠡᠭᠡᠨ ᠤ ᠵᠦᠢᠯ ᠤᠨ ᠬᠢᠵᠠᠭᠠᠷᠲᠤ ᠺᠣᠮᠫᠠᠨᠢ ᠳᠤ ᠬᠦᠷᠴᠦ | ᠳᠤᠮᠳᠠᠳᠤ ᠤᠯᠤᠰ ᠤᠨ ᠵᠦᠩ ᠬᠤᠸᠠ ᠬᠠᠪᠰᠤᠷᠤᠨ ᠲᠡᠳᠬᠦᠬᠦ ᠠᠵᠤ ᠠᠬᠤᠶᠢᠯᠠᠯ ᠤᠨ ᠡᠵᠡᠩᠨᠡᠯᠲᠡ ᠵᠢᠴᠢ | ᠬᠠᠪᠰᠤᠷᠤᠨ ᠲᠡᠳᠬᠦᠬᠦ ᠦᠢᠯᠡᠳᠬᠦᠨ ᠤ ᠪᠣᠷᠣᠯᠠᠭᠤᠯᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ︵ᠤᠷᠭᠤᠮᠠᠯ | ᠴᠡᠩᠭᠡᠯ︶ | | |