| | | 10 ᠰᠠᠷ᠎ᠠ ᠶᠢᠨ 29 ᠤ ᠡᠳᠦᠷ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠵᠢᠷᠭᠤᠳᠤᠭᠠᠷ | ᠬᠤᠷᠠᠯᠳᠤᠭᠠᠨ ᠬᠤᠷᠠᠯᠳᠤᠭᠤᠯᠵᠤ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠬᠤᠩ ᠰᠢᠨ᠂ ᠳᠡᠳ᠋ ᠡᠷᠬᠢᠯᠡᠭᠴᠢ ᠬᠥᠬᠡᠪᠡᠷᠰ᠂ ᠶᠠᠩ ᠡᠾᠦ᠋ᠢ ᠶᠠᠨ᠂ | ᠴᠢᠨ ᠶᠤᠸᠠᠢ ᠭᠦᠸᠧ᠂ ᠵᠠᠩ ᠰᠢᠤᠢ ᠫᠧᠩ ᠵᠢᠴᠢ 18 ᠨᠡᠷ᠎ᠡ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠬᠤᠷᠠᠯ ᠳᠤ | ᠣᠷᠣᠯᠴᠠᠵᠠᠶ᠃ | ᠬᠥᠬᠡᠪᠡᠷᠰ ᠬᠤᠷᠠᠯ ᠢ ᠡᠷᠭᠢᠯᠡᠪᠡ᠃ | | | | | | | | | | | ᠬᠤᠷᠠᠯ ᠳᠡᠭᠡᠷ᠎ᠡ᠂ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ | ᠵᠦᠢᠯᠡᠰ ᠢ ᠪᠠᠲᠤᠯᠠᠵᠤ᠂ ᠵᠠᠩ ᠬᠤᠩ ᠰᠢᠨ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ | ᠪᠢᠴᠢᠭ ᠭᠠᠷᠳᠠᠭᠤᠯᠤᠭᠰᠠᠨ ᠪᠥᠭᠡᠳ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ | ᠲᠠᠩᠭᠠᠷᠢᠭᠯᠠᠬᠤ ᠶᠣᠰᠣᠯᠠᠯ ᠶᠠᠪᠤᠭᠤᠯᠪᠠ᠃ | ᠬᠤᠷᠠᠯ ᠠᠴᠠ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ︽ᠬᠤᠰᠢᠭᠤ ᠱᠠᠲᠤᠨ ᠤ ᠠᠷᠠᠳ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠡᠯ ᠤᠨ ᠲᠤᠬᠠᠶ ᠮᠡᠳᠡᠭᠦᠯᠦᠯᠲᠡ︾᠂ ︽ᠪᠥᠬᠦ | ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠡᠯ ᠤᠨ ᠲᠤᠬᠠᠶ ᠮᠡᠳᠡᠭᠦᠯᠦᠯᠲᠡ︾᠂ | ︽ᠪᠥᠬᠦ ᠬᠤᠰᠢᠭᠤᠨ ᠤ ᠦᠨᠳᠦᠰᠦᠲᠡᠨ ᠤ ᠰᠣᠶᠣᠯ ᠤᠨ ᠬᠠᠮᠠᠭᠠᠯᠠᠯᠲᠠ ᠪᠠ ᠬᠥᠭᠵᠢᠯᠲᠡ ᠶᠢᠨ ᠪᠠᠶᠢᠳᠡᠯ ᠤᠨ ᠲᠤᠬᠠᠶ | ᠮᠡᠳᠡᠭᠦᠯᠦᠯᠲᠡ︾ ᠵᠢᠴᠢ ᠬᠤᠰᠢᠭᠤᠨ ᠠᠷᠠᠳ ᠤᠨ ᠰᠢᠭᠦᠬᠦ ᠬᠤᠷᠢᠶᠠᠨ ᠤ ︽ᠬᠠᠤᠯᠢ ᠴᠠᠭᠠᠵᠠ ᠶᠢᠨ ᠣᠯᠠᠨ | ᠨᠡᠶᠢᠲᠡ ᠶᠢ ᠢᠲᠡᠭᠡᠭᠦᠯᠬᠦ ᠬᠦᠴᠦᠨ ᠤ ᠪᠠᠶᠢᠭᠤᠯᠤᠯᠲᠠ ᠶᠢᠨ ᠪᠠᠶᠢᠳᠡᠯ ᠤᠨ ᠲᠤᠬᠠᠶ ᠮᠡᠳᠡᠭᠦᠯᠦᠯᠲᠠ︾᠂ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ﹀ | ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠮᠡᠳᠡᠭᠦᠯᠦᠯᠲᠡ︾᠂ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ﹀ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ︾ ᠶᠢ ᠰᠣᠨᠣᠰᠴᠤ᠂ ᠬᠢᠨᠠᠨ ᠵᠥᠪᠯᠡᠵᠦ | ᠪᠠᠲᠤᠯᠠᠭᠰᠠᠨ ᠪᠠᠶᠢᠨ᠎ᠠ᠃ | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠ ᡁᠢ ᠬᠤᠩ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠧᠶ | ᠰᠢᠨ ᠢᠦᠶ᠂ ᠬᠤᠰᠢᠭᠤᠨ ᠳᠡᠳ᠋ ᠳᠠᠷᠤᠭ᠎ᠠ ᠳᠠᠩ ᠲᠢᠩ ᠲᠢᠩ᠂ ᠮᠦ ᠭᠦᠸᠧ ᠳ᠋ᠦᠩ᠂ ᠬᠤᠰᠢᠭᠤᠨ ᠠᠷᠠᠳ ᠤᠨ | ᠰᠢᠭᠦᠬᠦ ᠬᠤᠷᠢᠶᠠᠨ ᠤ ᠳᠠᠷᠤᠭ᠎ᠠ ᠵᠦ ᠰᠢᠤᠢ ᠭᠤᠸᠠᠩ᠂ ᠬᠤᠰᠢᠭᠤᠨ ᠠᠷᠠᠳ ᠤᠨ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ ᠪᠦᠦ ᠵᠢᠶᠧ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠯ᠎ᠡ ᠠᠵᠢᠯ ᠤᠨ ᠪᠠᠶᠢᠭᠤᠯᠤᠮᠵᠢ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠠᠢᠭᠤᠯᠭ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠳᠤᠭᠤᠶᠢᠯᠠᠩ ᠤᠨ ᠬᠠᠷᠢᠭᠤᠴᠠᠯᠭᠠᠲᠠᠨ᠂ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠲᠣᠭᠤᠷᠢᠨ ᠪᠠᠶᠢᠴᠠᠭᠠᠯᠲᠠ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠳᠤ ᠣᠷᠣᠯᠴᠠᠭᠰᠠᠨ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ | ᠲᠥᠯᠥᠭᠡᠯᠡᠭᠴᠢ ᠪᠠ ᠥᠩᠭᠡᠷᠡᠭᠰᠡᠨ ᠬᠤᠭᠤᠴᠠᠭᠠᠨ ᠤ ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ | ︵ᠯᠢ ᠬᠤᠸᠠᠨ ᠢᠦᠶ ᠵᠠᠩ ᠰᠢᠤᠸᠠᠢ ᠳ᠋ᠦᠩ ᠴᠡᠩᠭᠡᠯ︶ | | |