ᠠᠯᠲᠠᠨ ᠨᠠᠮᠤᠷ ᠤᠨ ᠪᠠᠶᠠᠰᠤᠯᠲᠤ ᠠᠮᠠᠷᠠᠯᠲᠠ ᠶᠢᠨ ᠬᠤᠭᠤᠴᠠᠭᠠᠨ ᠳᠤ ᠤᠯᠤᠰ ᠢᠶᠠᠨ ᠬᠠᠶᠢᠷᠠᠯᠠᠬᠤ ᠠᠭᠤᠷ | ᠠᠮᠢᠰᠬᠤᠯ ᠤᠨ ᠳᠤᠮᠳᠠ ᠵᠢᠭᠤᠯᠴᠢᠯᠠᠯ ᠤᠨ ᠬᠠᠯᠠᠭᠤᠨ ᠰᠡᠳᠬᠢᠯᠭᠡ ᠳᠠᠪᠬᠤᠴᠠᠵᠤ᠂ ᠡᠨᠡ ᠬᠦ ᠤᠯᠤᠰ ᠤᠨ ᠪᠠᠶᠠᠷ ᠤᠨ | ᠠᠮᠠᠷᠠᠯᠲᠠ ᠶᠢᠨ ᠬᠤᠭᠤᠴᠠᠭᠠᠨ ᠳᠤ ᠬᠥᠮᠦᠰ ᠡᠬᠡ ᠤᠯᠤᠰ ᠢᠶᠠᠨ ᠭᠡᠰᠡᠨ ᠬᠦᠰᠡᠯ ᠵᠥᠩᠨᠡᠯ᠂ ᠠᠮᠢᠳᠤᠷᠠᠯ ᠢᠶᠠᠨ ᠭᠡᠰᠡᠨ | ᠬᠠᠯᠠᠭᠤᠨ ᠬᠠᠶᠢᠷ᠎ᠠ ᠡᠪᠦᠷᠯᠡᠨ ᠡᠬᠡ ᠤᠯᠤᠰ ᠤᠨ ᠤᠮᠠᠷᠠᠲᠤ ᠬᠢᠯᠢ ᠶᠢ ᠵᠣᠷᠢᠭᠰᠠᠨ ᠶᠤᠮ᠃ ᠥᠪᠥᠷ ᠮᠣᠩᠭᠤᠯ ᠤᠨ | ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠤᠯᠤᠰ ᠤᠨ ᠪᠠᠶᠠᠷ ᠤᠨ | ᠠᠮᠠᠷᠠᠯᠲᠠ ᠶᠢᠨ ᠲᠦᠷᠦᠭᠦᠦ 6 ᠡᠳᠦᠷ ᠲᠤ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ | ᠨᠡᠶᠢᠲᠡ 1767.08 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠤᠯᠤᠰ ᠤᠨ ᠳᠣᠲᠣᠭᠠᠳᠤ ᠶᠢᠨ | ᠵᠢᠭᠤᠯᠴᠢᠯᠠᠭᠰᠠᠳ ᠤᠨ ᠵᠠᠷᠤᠳᠠᠯ ᠨᠡᠶᠢᠲᠡ 124.22 ᠳ᠋ᠦᠩᠰᠢᠭᠤᠷ ᠲᠥᠭᠦᠷᠢᠭ ᠬᠦᠷᠴᠡᠶ᠃ | ᠤᠯᠤᠰ ᠤᠨ ᠪᠠᠶᠠᠷ ᠤᠨ ᠠᠮᠠᠷᠠᠯᠲᠠ ᠠᠴᠠ ᠡᠮᠦᠨᠡᠬᠡᠨ ᠮᠠᠨ ᠤ ᠣᠷᠣᠨ ︽ᠠᠶᠠᠯᠭᠤᠲᠤ ᠵᠢᠭᠤᠯᠴᠢᠯᠠᠯ ᠤᠨ | ᠥᠪᠥᠷ ᠮᠣᠩᠭᠤᠯ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠢ ᠨᠡᠶᠢᠲᠡᠯᠡᠭᠰᠡᠨ ᠪᠥᠭᠡᠳ | ︽ᠥᠪᠥᠷ ᠮᠣᠩᠭᠤᠯ ᠠᠴᠠ ᠢᠷᠡᠭᠰᠡᠨ ᠨᠠᠮᠤᠷ ᠤᠨ ᠤᠷᠢᠯᠭ᠎ᠠ︾ ᠶᠢᠨ 20 ᠵᠤᠷᠪᠤᠰ ᠰᠣᠳᠣᠨ ᠵᠢᠭᠤᠯᠴᠢᠯᠠᠯ ᠤᠨ ᠵᠠᠮ | ᠱᠤᠭᠤᠮ ᠢ ᠭᠠᠷᠭᠠᠵᠤ᠂ ᠡᠯ᠎ᠡ ᠠᠶᠢᠮᠠᠭ ᠬᠤᠲᠠ ᠶᠢᠨ ᠬᠢᠨ ᠪᠠᠰᠠ 130 ᠵᠦᠢᠯ ᠤᠨ ᠭᠤᠤᠯᠳᠠᠯᠭ᠎ᠠ ᠲᠠᠢ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠶ ᠲᠥᠯᠥᠪᠵᠢᠭᠦᠯᠵᠦ᠂ ︽ᠰᠣᠶᠣᠯ ᠵᠢᠭᠤᠯᠴᠢᠯᠠᠯ ᠤᠨ ᠬᠠᠮ ᠠᠷᠭ᠎ᠠ | ᠬᠡᠮᠵᠢᠶ᠎ᠡ︾ ᠶᠢᠨ ᠳᠠᠪᠬᠤᠴᠠᠭᠰᠠᠨ ᠦᠢᠯᠡᠳᠦᠯ ᠳᠤᠤᠷ᠎ᠠ᠂ ᠥᠷᠭᠡᠨ ᠣᠯᠠᠨ ᠵᠢᠭᠤᠯᠴᠢᠯᠠᠭᠰᠠᠳ ᠤᠨ ᠬᠦᠷᠢᠶᠡᠯᠡᠯ ᠢ | ᠣᠯᠤᠭᠰᠠᠨ ᠪᠠᠶᠢᠨ᠎ᠠ᠃ ᠰᠢᠶᠧ ᠴᠧᠩ ᠰᠦᠯᠵᠢᠶ᠎ᠡ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠤᠯᠤᠰ ᠤᠨ | ᠪᠠᠶᠠᠷ ᠤᠨ ᠬᠤᠭᠤᠴᠠᠭᠠᠨ ᠳᠤ ᠮᠠᠨ ᠤ ᠣᠷᠣᠨ ᠤ ᠵᠢᠭᠤᠯᠴᠢᠯᠠᠯ ᠤᠨ ᠵᠠᠬᠢᠶᠠᠯᠠᠭ᠎ᠠ ᠶᠢᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 15% ᠪᠠᠷ ᠨᠡᠮᠡᠭᠳᠡᠵᠦ᠂ ᠡᠭᠦᠳᠡᠨ ᠪᠢᠯᠧᠲ ᠤᠨ ᠵᠠᠬᠢᠶᠠᠯᠠᠭ᠎ᠠ ᠶᠢᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 23% ᠪᠠᠷ ᠨᠡᠮᠡᠭᠳᠡᠵᠦ᠂ ᠬᠢᠯᠢ ᠳᠤ ᠣᠷᠣᠵᠤ ᠢᠷᠡᠭᠰᠡᠨ ᠵᠠᠬᠢᠶᠠᠯᠠᠭ᠎ᠠ ᠶᠢᠨ ᠬᠡᠮᠵᠢᠶ᠎ᠡ | ᠠᠳᠠᠯᠢ ᠬᠤᠭᠤᠴᠠᠭᠠᠨ ᠤ ᠬᠢ ᠠᠴᠠ 23% ᠪᠠᠷ ᠨᠡᠮᠡᠭᠳᠡᠵᠦ᠂ ᠭᠤᠤᠯ ᠪᠣᠯᠬᠤ ᠠᠶᠠᠨᠴᠢᠳ ᠤᠨ ᠢᠷᠡᠯᠲᠡ ᠶᠢᠨ | ᠭᠠᠵᠠᠷ ᠨᠢ ᠪᠡᠭᠡᠵᠢᠩ᠂ ᠱᠠᠩᠬᠠᠶ᠂ ᠲᠢᠶᠠᠨᠵᠢᠨ᠂ ᠮᠦᠭᠳᠡᠨ᠂ ᠰᠢ ᠠᠨ ᠪᠣᠯᠤᠨ᠎ᠠ᠃ | 10 ᠰᠠᠷ᠎ᠠ ᠶᠢᠨ 1 ᠤ ᠡᠳᠦᠷ᠂ ᠣᠷᠳᠣᠰ ᠤᠨ ᠮᠦᠽᠧᠶ ︽ᠪᠣᠳᠠᠰ ᠤᠨ ᠪᠤᠰᠤ ᠰᠣᠶᠣᠯ ᠤᠨ ᠥᠪ ᠤᠨ | ᠦᠨᠡᠲᠦ ᠡᠷᠳᠡᠨᠢ ᠰᠢᠷᠲᠡᠮᠡᠯ ᠳᠡᠪᠢᠭᠦᠷ ᠤᠨ ᠬᠥᠩᠭᠡᠨ ᠰᠠᠵᠢᠯᠠᠭ᠎ᠠ︾ ᠪᠣᠳᠠᠰ ᠤᠨ ᠪᠤᠰᠤ ᠰᠣᠶᠣᠯ ᠤᠨ ᠥᠪ ᠤᠨ | ᠭᠤᠤᠯ ᠰᠡᠳᠦᠪᠲᠦ ᠠᠵᠢᠯᠯᠠᠭ᠎ᠠ ᠶᠢ ᠡᠷᠬᠢᠯᠡᠵᠦ᠂ ᠨᠡᠶᠢᠲᠡ 200 ᠭᠠᠷᠤᠶ ᠬᠥᠮᠦᠨ ᠲᠤᠰ ᠤᠳᠠᠭᠠᠨ ᠤ | ᠠᠵᠢᠯᠯᠠᠭ᠎ᠠ ᠳᠤ ᠣᠷᠣᠯᠴᠠᠪᠠ᠃ ᠰᠣᠩᠭᠤᠳᠠᠭ ᠲᠠᠯ᠎ᠠ ᠨᠤᠲᠤᠭ ᠤᠨ ᠳᠠᠭᠤᠤ ᠶᠢᠨ ᠳᠣᠪᠤᠶᠢᠯᠭᠠᠯ ᠳᠤᠤᠷ᠎ᠠ᠂ | ᠵᠢᠭᠤᠯᠴᠢᠯᠠᠭᠰᠠᠳ ᠥᠪᠡᠷ ᠢᠶᠠᠨ ᠭᠠᠷ ᠬᠥᠳᠡᠯᠦᠨ ᠰᠢᠷᠲᠡᠮᠡᠯ ᠳᠡᠪᠢᠭᠦᠷ ᠦᠢᠯᠡᠳᠴᠦ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠮᠡᠳᠡᠷᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠪᠡ᠂ | ᠬᠥᠬᠡᠬᠤᠲᠠ ᠶᠢᠨ ᠪᠣᠭᠤᠮᠲᠠ ᠶᠢᠨ ᠭᠠᠳᠠᠨᠠᠬᠢ ᠬᠠᠭᠤᠴᠢᠨ ᠵᠡᠭᠡᠯᠢ ᠠᠮᠠᠷᠠᠯᠲᠠ ᠶᠢᠨ ᠬᠤᠭᠤᠴᠠᠭᠠᠨ ᠳᠤ ᠬᠥᠭᠵᠢᠶᠡᠨ | ᠨᠠᠷᠭᠢᠶᠠᠨ ᠢᠶᠠᠷ ᠪᠢᠯᠬᠠᠵᠤ᠂ 5 ᠡᠳᠦᠷ ᠦᠷᠭᠦᠯᠵᠢᠯᠡᠭᠰᠡᠨ ︽ᠡᠬᠡ ᠭᠠᠵᠠᠷ ᠤᠨ ᠨᠢᠰᠦᠭᠡ ᠳᠠᠭᠤᠤ︾ ᠥᠨᠳᠥᠷ | ᠣᠭᠲᠠᠷᠭᠤᠶ ᠶᠢᠨ ᠤᠷᠠᠨ ᠲᠣᠭᠯᠠᠯᠲᠠ ᠨᠢ ᠬᠥᠬᠡᠬᠤᠲᠠ ᠶᠢᠨ ᠲᠤᠰ ᠭᠠᠵᠠᠷ ᠤᠨ ᠰᠣᠶᠣᠯ ᠢ ᠥᠨᠳᠥᠷ | ᠣᠭᠲᠠᠷᠭᠤᠶ ᠶᠢᠨ ᠲᠣᠭᠯᠠᠯᠲᠠ᠂ ᠲᠠᠢᠰᠠᠨ ᠤ ᠲᠣᠭᠯᠠᠯᠲᠠ ᠲᠠᠢ ᠤᠶᠠᠯᠳᠤᠭᠤᠯᠵᠤ᠂ ᠬᠥᠮᠦᠰ ᠲᠤ ᠭᠠᠶᠢᠬᠠᠮᠰᠢᠭᠲᠠᠶ | ᠬᠠᠷᠠᠭᠠᠨ ᠰᠡᠷᠡᠯ ᠤᠨ ᠲᠥᠷᠥᠭᠳᠡᠯ ᠣᠯᠭᠤᠭᠰᠠᠨ ᠶᠤᠮ᠃ ᠠᠮᠠᠷᠠᠯᠲᠠ ᠶᠢᠨ ᠬᠤᠭᠤᠴᠠᠭᠠᠨ ᠠᠴᠠ ᠡᠮᠦᠨ᠎ᠡ᠂ ᠬᠥᠯᠥᠨ | ᠪᠦᠢᠷ ᠤᠨ ᠭᠡᠭᠡᠨ ᠭᠤᠤᠯ ᠬᠤᠲᠠ ᠳᠤ ᠨᠠᠮᠤᠷ ᠤᠨ ᠠᠭᠤᠷ ᠤᠷᠤᠭᠰᠠᠨ ᠠᠴᠠ ᠨᠠᠭᠠᠰᠢᠬᠢ ᠠᠩᠬᠠᠨ ᠤ ᠶᠡᠭᠡ ᠴᠠᠰᠤ | ᠣᠷᠣᠵᠤ᠂ ᠬᠠᠮᠤᠭ ᠤᠨ ᠵᠤᠵᠠᠭᠠᠨ ᠨᠢ 20 ᠰᠡᠨᠲ᠋ᠢᠮᠧᠲᠷ ᠪᠠᠶᠢᠵᠤ᠂ ᠬᠠᠮᠤᠭ ᠤᠨ ᠳᠤᠤᠷ᠎ᠠ ᠠᠭᠠᠷ ᠤᠨ ᠳᠤᠯᠠᠭᠠᠨ | ᠲᠡᠭ ᠠᠴᠠ ᠳᠣᠷᠣᠭᠰᠢ 10 ᠭᠷᠠᠳᠦ᠋ᠰ ᠲᠤ ᠬᠦᠷᠴᠦ᠂ ᠵᠢᠭᠤᠯᠴᠢᠯᠠᠯ ᠤᠨ ᠤᠯᠠᠷᠢᠯ ᠳᠤ ᠬᠡᠳᠦᠨ ᠬᠤᠪᠢ ᠬᠦᠢᠲᠡᠨ ᠤ | ᠲᠦᠢᠯ ᠤᠨ ᠭᠠᠶᠢᠬᠠᠮᠰᠢᠭ ᠢ ᠢᠯᠡᠷᠡᠭᠦᠯᠦᠭᠰᠡᠨ ᠪᠠᠶᠢᠨ᠎ᠠ᠃ ᠣᠯᠭᠤᠶᠠ ᠶᠢᠨ ᠴᠠ ᠪᠤᠭᠤ ᠶᠢᠨ ᠦᠵᠡᠮᠵᠢ ᠶᠢᠨ | ᠣᠷᠣᠨ ᠳᠤ ᠵᠢᠭᠤᠯᠴᠢᠯᠠᠭᠰᠠᠳ ᠡᠸᠡᠩᠬᠢ ᠦᠨᠳᠦᠰᠦᠲᠡᠨ ᠤ ᠰᠣᠶᠣᠯ ᠤᠨ ᠠᠭᠤᠷ ᠠᠮᠢᠰᠬᠤᠯ ᠳᠤ ᠰᠣᠭᠲᠣᠭᠤᠷᠠᠵᠤ᠂ | ᠦᠵᠡᠮᠵᠢ ᠶᠢᠨ ᠣᠷᠣᠨ ᠳᠤ ᠨᠠᠮᠤᠷ ᠤᠨ ᠦᠵᠡᠮᠵᠢ ᠪᠣᠯᠤᠨ ᠠᠩᠬᠠᠨ ᠤ ᠴᠠᠰᠤᠨ ᠤ ᠴᠡᠪᠡᠷ ᠥᠩᠭᠡ ᠰᠣᠯᠪᠢᠴᠠᠨ᠂ | ᠵᠢᠭᠤᠯᠴᠢᠯᠠᠭᠰᠠᠳ ᠬᠥᠭᠡᠷᠦᠬᠦᠨ ᠴᠡ ᠪᠤᠭᠤ ᠲᠠᠢ ᠣᠢᠷᠠᠲᠤᠵᠤ ᠪᠣᠯᠬᠤ ᠪᠠᠷ ᠪᠠᠷᠠᠬᠤ ᠦᠭᠡᠢ᠂ ᠪᠠᠰᠠ ᠭᠤᠶᠢᠳᠠ | ᠰᠠᠶᠢᠬᠠᠨ ᠦᠨᠳᠦᠰᠦᠲᠡᠨ ᠤ ᠪᠥᠵᠢᠭ ᠤᠨ ᠲᠣᠭᠯᠠᠯᠲᠠ ᠶᠢ ᠰᠣᠨᠢᠷᠬᠠᠵᠤ ᠪᠣᠯᠤᠨ᠎ᠠ᠃ ︵ᠹᠧᠩ ᠰᠢᠤᠸᠠᠢ ᠢᠦᠶ︶ | | |