2024 ᠣᠨ ᠤ ᠨᠣᠪᠧᠯ ᠤᠨ ᠹᠢᠽᠢᠣᠯᠣᠭᠢ ᠶᠢᠨ ᠤᠬᠠᠭᠠᠨ ᠪᠤᠶᠤ ᠠᠨᠠᠭᠠᠬᠤ ᠤᠬᠠᠭᠠᠨ ᠤ ᠱᠠᠩᠨᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/10/9
     ᠲᠤᠬᠠᠶ ᠶᠢᠨ ᠭᠠᠵᠠᠷ ᠤᠨ ᠴᠠᠭ ᠢᠶᠠᠷ 7 ᠤ ᠡᠳᠦᠷ᠂ ᠰᠸᠧᠳᠧᠨ ᠤ ᠺᠠᠷᠤᠷᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ 2024 ᠣᠨ ᠤ ᠨᠣᠪᠧᠯ ᠤᠨ ᠹᠢᠽᠢᠣᠯᠣᠭᠢ ᠶᠢᠨ ᠤᠬᠠᠭᠠᠨ ᠪᠤᠶᠤ ᠠᠨᠠᠭᠠᠬᠤ ᠤᠬᠠᠭᠠᠨ ᠤ ᠱᠠᠩᠨᠠᠯ ᠢ ᠰᠢᠨᠵᠢᠯᠡᠬᠦ ᠤᠬᠠᠭᠠᠨᠲᠠᠨ ᠸᠢᠺᠲ᠋ᠣᠷ ᠠᠮᠪᠧᠷᠤᠰ ︵Victor Ambros︶ ᠪᠣᠯᠤᠨ ᠭᠠᠶᠢᠷᠢ ᠷᠦᠹᠺᠦ᠋ᠨ ︵Gary Ruvkun︶ ᠳᠤ ᠣᠯᠭᠤᠨ᠎ᠠ ᠭᠡᠵᠦ ᠨᠡᠶᠢᠲᠡᠯᠡᠪᠡ᠃
     ᠹᠢᠽᠢᠣᠯᠣᠭᠢ ᠶᠢᠨ ᠤᠬᠠᠭᠠᠨ ᠪᠤᠶᠤ ᠠᠨᠠᠭᠠᠬᠤ ᠤᠬᠠᠭᠠᠨ ᠤ ᠱᠠᠩᠨᠠᠯ ᠪᠣᠯ 2024 ᠣᠨ ᠤ ᠨᠣᠪᠧᠯ ᠤᠨ ᠱᠠᠩᠨᠠᠯ ᠳᠤ ᠨᠡᠶᠢᠲᠡᠯᠡᠭᠰᠡᠨ ᠠᠩᠬᠠᠨ ᠤ ᠱᠠᠩᠨᠠᠯ ᠪᠣᠯᠤᠨ᠎ᠠ᠂ ᠡᠨᠡ ᠬᠦ ᠢᠷᠠᠭᠤ ᠠᠯᠳᠠᠷ ᠨᠢ ᠰᠢᠨᠵᠢᠯᠡᠬᠦ ᠤᠬᠠᠭᠠᠨᠲᠠᠨ ᠤ ᠭᠠᠷᠮᠠᠭᠠᠶ ᠬᠤᠪᠢ ᠨᠡᠮᠡᠷᠢ ᠶᠢ ᠮᠡᠳᠡᠷᠡᠭᠰᠡᠨ ᠢᠶᠠᠷ ᠪᠠᠷᠠᠬᠤ ᠦᠭᠡᠢ᠂ ᠨᠠᠩ ᠴᠤ ᠬᠥᠮᠦᠨ ᠲᠥᠷᠥᠯᠬᠢᠲᠡᠨ ᠤ ᠣᠶᠤᠨ ᠤᠬᠠᠭᠠᠨ ᠪᠣᠯᠤᠨ ᠬᠠᠶᠢᠨ ᠰᠦᠪᠡᠭᠴᠢᠯᠡᠬᠦ ᠵᠣᠷᠢᠭ ᠰᠠᠨᠠᠭᠠᠨ ᠤ ᠢᠯᠡᠷᠡᠯ ᠪᠣᠯᠬᠤ ᠶᠤᠮ᠃ ᠲᠤᠰ ᠱᠠᠩᠨᠠᠯ ᠢ ᠨᠡᠢᠲᠡᠯᠡᠬᠦ ᠶᠢ ᠳᠠᠭᠠᠯᠳᠤᠨ᠂ ᠵᠢᠯ ᠳᠤ ᠨᠢᠭᠡ ᠤᠳᠠᠭ᠎ᠠ ᠶᠠᠪᠤᠭᠳᠠᠳᠠᠭ ︽ᠨᠣᠪᠧᠯ ᠤᠨ ᠱᠠᠩᠨᠠᠯ ᠤᠨ ᠭᠠᠷᠠᠭ︾ ᠴᠤ ᠵᠢᠩᠬᠢᠨᠢ ᠪᠠᠷ ᠡᠬᠢᠯᠡᠪᠡ᠃
 
ᠢᠷᠡᠯᠲᠡ᠄ ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号