ᠴᠧᠨ ᠬᠤ᠋ ᠨᠠᠨ ᠭᠤᠣᠯᠳᠠᠯᠭ᠎ᠠ ᠲᠠᠢ ᠲᠥᠷᠤᠯ ᠵᠦᠢᠯ ᠤᠨ ᠨᠢᠭᠡᠳᠦᠭᠡᠷ ᠹᠷᠣᠨᠲ ᠤᠨ ᠪᠠᠷᠢᠯᠭ᠎ᠠ ᠶᠢᠨ ᠠᠵᠢᠯᠴᠢᠳ ᠢ ᠪᠣᠯᠭᠤᠭᠠᠨ ᠳᠣᠬᠤᠨᠢᠭᠤᠯᠪᠠ
ᠨᠡᠶᠢᠲᠡᠯᠡᠭᠰᠡᠨ ᠴᠠᠭ᠄
2024/10/9
       ᠣᠶᠢᠷ᠎ᠠ ᠶᠢᠨ ᠡᠳᠤᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠭᠤᠤᠯᠳᠠᠯᠭ᠎ᠠ ᠲᠠᠢ ᠲᠦᠷᠣᠯ ᠵᠦᠢᠯ ᠤᠨ ᠨᠢᠭᠡᠳᠦᠭᠡᠷ ᠹᠷᠤᠨᠲ ᠤᠨ ᠪᠠᠷᠢᠯᠭ᠎ᠠ ᠶᠢᠨ ᠠᠵᠢᠯᠴᠢᠳ ᠢ ᠪᠣᠯᠭᠤᠭᠠᠨ ᠦᠵᠡᠵᠤ ᠴᠢᠬᠤᠯᠠᠴᠢᠯᠠᠬᠤ ᠳᠤ ᠪᠠᠨ᠂ ᠪᠠᠶᠢᠭᠤᠯᠵᠤ ᠪᠠᠶᠢᠭ᠎ᠠ ᠪᠠᠷᠢᠯᠭ᠎ᠠ ᠶᠢ ᠶᠠᠰᠤ ᠴᠢᠨᠠᠷ ᠰᠠᠶᠢᠲᠠᠢ᠂ ᠦᠨᠳᠤᠷ ᠪᠦᠳᠣᠮᠵᠢᠲᠠᠢ ᠪᠠᠷ ᠲᠦᠯᠬᠢᠨ ᠠᠬᠢᠭᠤᠯᠵᠤ᠂ ᠠᠶᠤᠯᠭᠦᠢ  ᠦᠢᠯᠡᠣᠡᠪᠣᠷᠢᠯᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠦᠷᠤᠯ ᠵᠦᠢᠯ ᠤᠨ ᠠᠬᠢᠴᠠ ᠪᠠ ᠠᠶᠤᠯᠭᠦᠢ ᠦᠢᠯᠡᠳᠪᠤᠷᠢᠯᠡᠯ ᠬᠤᠶᠠᠷ ᠲᠠᠯ᠎ᠠ ᠶᠢ ᠠᠤᠠᠬᠤᠨ᠂ ᠬᠤᠶᠠᠷ ᠢ ᠰᠠᠭᠠᠳᠠᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃
       ᠴᠧᠨ ᠬᠤ᠋ ᠨᠠᠨ ᠤᠷᠢᠳ ᠬᠤᠵᠢᠳ ᠬᠤᠩ ᠰᠢᠩ ᠴᠢᠶᠣᠣ ᠬᠥᠭᠦᠷᠭᠡ ᠶᠢ ᠦᠭᠡᠷᠡᠴᠢᠯᠡᠬᠦ᠂ ᠲᠢᠶᠠᠨ ᠶᠤᠸᠠᠨ ᠶᠡᠭᠡ ᠵᠡᠭᠡᠯᠢ ᠶᠢᠨ ᠬᠠᠭᠤᠴᠢᠨ ᠵᠠᠮ ᠢ ᠰᠡᠷᠭᠦᠭᠡᠬᠦ᠂ G5511 ᠲᠦᠷᠭᠡᠨ ᠤ ᠵᠠᠰᠠᠮᠠᠯ ᠵᠠᠮ ᠪᠣᠯᠣᠨ ᠲᠢᠶᠠᠨ ᠶᠤᠸᠠᠨ ᠶᠡᠭᠡ ᠵᠡᠭᠡᠯᠢ ᠶᠢᠨ ᠬᠤᠯᠪᠣᠯᠲᠠ ᠶᠢᠨ ᠱᠤᠭᠤᠮ ᠢ ᠳᠡᠰ ᠳᠡᠪᠰᠢᠭᠦᠯᠤᠨ ᠦᠭᠡᠷᠡᠴᠢᠯᠡᠬᠦ᠂ ᠪᠠᠷᠢᠮᠵᠢᠶᠠᠵᠢᠭᠰᠠᠨ ᠦᠢᠯᠡᠣᠡᠪᠣᠷᠢ ᠶᠢᠨ ᠪᠠᠶᠢᠰᠢᠩ ᠤᠨ ᠪᠦᠳᠣᠭᠡᠨ ᠪᠠᠶᠢᠭᠤᠯᠤᠯᠲᠠ᠂ ᠹᠸᠢ ᠾᠧ  ᠣᠶᠣᠡᠴᠢᠯᠬᠠᠰᠡᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠠᠩ᠂ ᠲᠢᠶᠠᠡᠱᠠᠡᠺᠸᠣ ᠪᠠᠯᠭᠠᠰᠤ ᠶᠢᠨ ᠯᠠᠵᠤᠤ ᠨᠠᠷᠢᠯᠢᠭ ᠡᠳ᠋ᠰᠢᠭᠦᠯᠤᠨ ᠪᠣᠯᠪᠠᠰᠤᠷᠠᠭᠤᠯᠬᠤ ᠦᠢᠯᠡᠣᠡᠪᠣᠷᠢᠯᠡᠯ ᠤᠨ ᠱᠣᠭᠤᠮ᠂ ᠥᠪᠣᠷ ᠮᠣᠩᠭᠤᠯ ᠤᠨ ᠡᠨᠧᠷᠬᠢ ᠶᠢᠨ ᠰᠣᠷᠪᠣᠯᠵᠢ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠡᠨᠧᠷᠬᠢ ᠶᠢᠨ ᠨᠦᠭᠡᠴᠠ ᠶᠢᠨ ᠰᠠᠭᠤᠷᠢᠨ ᠭᠠᠵᠠᠷ᠂ ᠤᠮᠠᠷᠡᠲᠤ ᠶᠢᠨ ᠠᠳᠡᠷ ᠭᠠᠵᠠᠷ ᠤᠨ ᠵᠢᠯ ᠳᠤ 20 ᠲᠦᠮᠡᠨ ᠲᠣᠨ ᠲᠦᠮᠣᠰᠣ  ᠰᠢᠢᠣᠡᠪᠣᠷᠢᠯᠡᠬᠦ ᠵᠡᠷᠭᠡ ᠲᠦᠷᠤᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠤ᠂ ᠪᠠᠶᠠᠷ ᠤᠨ ᠡᠳᠤᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠪᠠᠷᠢᠯᠭ᠎ᠠ ᠶᠢᠨ ᠠᠵᠢᠯᠴᠢᠳ ᠲᠠᠢ ᠲᠣᠲᠣᠨᠤ ᠪᠠᠷ ᠶᠠᠷᠢᠯᠴᠠᠵᠤ᠂ ᠲᠡᠳᠡᠨ ᠤ ᠪᠠᠷᠢᠯᠭ᠎ᠠ ᠶᠢᠨ ᠠᠵᠢᠯ ᠤᠨ ᠡᠮᠤᠨ᠎ᠠ ᠹᠷᠤᠨᠲ  ᠲᠤ ᠤᠷᠲᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠪᠠᠷᠢᠯᠭ᠎ᠠ ᠶᠢᠨ ᠠᠬᠢᠴᠡ ᠶᠢ ᠪᠥᠬᠦ  ᠬᠦᠴᠤᠨ ᠢᠶᠠᠷ ᠢᠶᠠᠨ ᠪᠠᠲᠤᠯᠠᠬᠤ ᠳᠤ ᠭᠠᠷᠭᠠᠭᠰᠠᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠭᠡᠬᠦ ᠶᠢᠨ ᠬᠠᠮᠲᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠡ᠂ ᠠᠮᠤᠷ ᠲᠦᠪᠰᠢᠨ ᠤ ᠶᠠᠰᠤ ᠴᠢᠨᠠᠷ ᠤᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠳᠠᠯᠠᠪᠤᠷ ᠲᠤ ᠲᠦᠷᠤᠯ ᠵᠦᠢᠯ ᠢ ᠠᠬᠢᠭᠤᠯᠬᠤ ᠳᠤᠮᠳᠠ ᠤᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠣᠡᠪᠣᠷᠢᠯᠡᠪᠡ᠃
       ᠴᠧᠨ ᠬᠤ᠋ ᠨᠠᠨ ᠭᠤᠣᠯᠳᠠᠯᠭ᠎ᠠ ᠲᠠᠢ ᠲᠦᠷᠤᠯ ᠵᠦᠢᠯ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠠ ᠶᠢ ᠠᠬᠢᠭᠤᠯᠬᠤ ︽ᠰᠠᠭᠤᠷᠢ ᠴᠢᠯᠠᠭᠤ︾ ᠪᠣᠯᠣᠨ᠎ᠠ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠳ ᠪᠠᠷᠢᠯᠭ᠎ᠠ ᠪᠠᠷᠢᠬᠤ ᠬᠤᠭᠤᠴᠠᠭ᠎ᠠ ᠶᠢ ᠵᠠᠪᠳᠤᠨ ᠠᠣᠡᠬᠤᠵᠤ᠂ ᠵᠠᠩᠬᠢᠯᠠᠭ᠎ᠠ ᠶᠢᠨ ᠴᠡᠭ ᠢ ᠤᠬᠤᠷᠢᠭᠤᠯᠤᠨ ᠵᠢᠭᠰᠠᠭᠠᠵᠤ᠂ ᠬᠦᠴᠤᠨ ᠢ ᠲᠣᠬᠢᠷᠠᠭᠤᠯᠬᠤ᠂ ᠪᠠᠷᠢᠯᠭ᠎ᠠ ᠪᠠᠷᠢᠬᠤ᠂ ᠲᠦᠬᠦᠭᠡᠷᠤᠮᠵᠢ ᠤᠭᠰᠠᠷᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠨᠢᠭᠡᠳᠤᠯᠲᠡᠢ ᠲᠦᠯᠤᠪᠯᠡᠨ ᠰᠠᠶᠢᠲᠤᠷ ᠬᠢᠵᠦ᠂ ᠲᠦᠷᠤᠯ ᠵᠦᠢᠯ ᠤᠨ ᠪᠦᠳᠦᠭᠡᠨ ᠪᠠᠶᠢᠭᠤᠯᠤᠯᠲᠡ ᠶᠢᠨ ᠶᠠᠰᠤ ᠴᠢᠨᠠᠷ ᠢ ᠲᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠠᠵᠢᠯ ᠤᠨ ᠬᠡᠮᠵᠢᠶ᠎ᠡ᠂ ᠪᠣᠳᠠᠲᠤ ᠪᠣᠳᠠᠰ ᠤᠨ ᠬᠡᠮᠵᠢᠶ᠎ᠡ᠂ ᠪᠡᠯᠡ ᠣᠷᠣᠭᠤᠯᠤᠯᠲᠠ ᠶᠢᠨ ᠬᠡᠮᠵᠢᠶ᠎ᠡ ︽ᠭᠤᠷᠪᠠᠨ ᠬᠡᠮᠵᠢᠶ᠎ᠡ ᠶᠢ ᠵᠡᠷᠭᠡᠪᠡᠷ ᠲᠡᠭᠡᠭᠰᠢᠯᠡᠭᠦᠯᠬᠦ︾ ᠶᠢ ᠴᠢᠷᠮᠡᠶᠢᠨ ᠪᠡᠶᠡᠯᠡᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠨᠢᠭᠡᠳᠦᠭᠡᠷ ᠹᠷᠣᠨᠲ ᠲᠤ ᠣᠴᠢᠵᠤ᠂ ᠠᠷᠭ᠎ᠠ ᠪᠥᠬᠦᠨ ᠢ ᠰᠦᠪᠡᠭᠴᠢᠯᠡᠨ ᠲᠦᠷᠤᠯ ᠵᠦᠢᠯ ᠤᠨ ᠪᠦᠳᠦᠭᠡᠨ ᠪᠠᠶᠢᠭᠤᠯᠤᠯᠲᠡ ᠳᠤ ᠠᠰᠢᠭᠲᠠᠢ ᠨᠥᠭᠦᠴᠡᠯ ᠢ ᠡᠭᠦᠳᠣᠨ ᠦᠭᠴᠤ᠂ ᠰᠢᠯᠢᠳᠡᠭ ᠦᠢᠯᠠᠴᠢᠯᠡᠭᠡ ᠬᠠᠩᠭᠠᠵᠤ᠂ ᠠᠵᠤ ᠠᠬᠤᠶᠢᠯᠡᠯ ᠤᠨ ᠠᠷᠤ ᠬᠤᠷᠴᠢᠨ ᠬᠤᠰᠢᠭᠤᠨ ᠳᠤ ᠰᠠᠨᠠᠭ᠎ᠠ ᠠᠮᠤᠷ ᠪᠡᠯᠡ ᠤᠷᠤᠭᠤᠯᠤᠨ᠂ ᠰᠠᠨᠠᠭ᠎ᠠ ᠠᠮᠤᠷ ᠡᠵᠡᠩᠨᠠᠵᠤ᠂ ᠰᠠᠨᠠᠭ᠎ᠠ ᠠᠮᠤᠷ ᠬᠥᠭᠵᠢᠬᠦ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠤᠷᠢᠯᠡᠯ ᠤᠨ ᠡᠨᠡᠬᠦ ᠬᠦᠪᠴᠢ ᠶᠢ ᠴᠠᠭ ᠢᠮᠬᠠᠳᠡ ᠴᠢᠩᠭᠠᠷᠠᠭᠤᠯᠵᠤ᠂ ᠪᠠᠷᠢᠯᠭ᠎ᠠ ᠶᠢᠨ ᠪᠠᠷᠢᠮᠵᠢᠶ᠎ᠡ ᠶᠢ ᠴᠢᠩᠭ᠎ᠠ ᠡᠵᠡᠮᠳᠡᠵᠤ᠂ ᠡᠳᠦᠷ ᠲᠣᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ᠪᠦᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠡᠵᠡᠮᠳᠠᠯ ᠢ ᠴᠢᠩᠭᠠᠣᠡᠬᠠᠵᠤ᠂ ᠠᠶᠤᠯᠭᠦᠢ ᠦᠢᠯᠡᠣᠡᠪᠣᠷᠢᠯᠡᠯ ᠤᠨ ᠬᠠᠷᠢᠭᠤᠴᠠᠯᠭ᠎ᠠ ᠶᠢᠨ ᠨᠠᠷᠢᠨ ᠨᠡᠶᠢᠲᠠᠪᠤᠷᠢᠵᠢᠭᠤᠯᠤᠯᠲᠠ ᠶᠢ ᠪᠠᠶᠠᠯᠡᠭᠦᠯᠵᠤ᠂ ᠴᠢᠬᠤᠯᠠ ᠶᠡᠭᠡ ᠲᠦᠷᠤᠯ ᠵᠦᠢᠯ ᠢ ᠲᠡᠤᠬᠡ ᠪᠠ ᠦᠢᠯᠡᠳᠤᠯᠭᠡ  ᠶᠢᠨ ᠰᠢᠯᠭᠠᠯᠲᠠ ᠶᠢ ᠳᠠᠭᠠᠭᠠᠵᠤ ᠳᠠᠶᠢᠯᠭᠦ ᠠᠮᠤᠷ ᠲᠦᠪᠰᠢᠨ ᠤ ᠢᠡᠵᠧᠨᠧᠷᠢᠩ᠂ ᠰᠠᠨᠠᠭ᠎ᠠ ᠠᠮᠤᠷ ᠢᠡᠵᠧᠨᠧᠷᠢᠩ ᠪᠣᠯᠭᠠᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠡᠢ᠃
       ᠬᠤᠰᠢᠭᠤᠨ ᠵᠠᠰᠠᠭ ᠤᠨ ᠤᠷᠳᠤᠨ ᠤ ᠲᠡᠳ᠋ ᠳᠠᠷᠤᠭ᠎ᠠ ᠶᠠᠨ ᠰᠢᠣᠸᠠᠢ ᠲᠣᠣ᠂ ᠬᠤᠰᠢᠭᠤᠨ ᠵᠠᠰᠠᠭ ᠤᠨ ᠤᠷᠳᠣᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠬᠥᠭᠵᠢᠭᠦᠯᠤᠯᠲᠡ ᠦᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠬᠢᠵᠢᠯᠲᠡ ᠪᠠ  ᠰᠢᠨᠵᠢᠯᠡᠬᠦ  ᠤᠬᠠᠭᠠᠨ  ᠲᠧᠭᠨᠢᠭ  ᠮᠡᠷᠭᠡᠵᠢᠯ  ᠤᠨ  ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠡ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠪᠠ ᠬᠠᠮᠢᠶ᠎ᠠ ᠪᠦᠬᠦᠢ ᠭᠠᠵᠠᠷ ᠣᠷᠣᠨ ᠤ ᠬᠠᠷᠢᠭᠤᠴᠠᠯᠭᠠᠲᠠᠳ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号