ᠤᠯᠠᠭᠠᠨᠬᠠᠳᠠ ᠬᠤᠲᠠ ︽ᠭᠤᠷᠪᠠᠨ ᠶᠡᠭᠡ ᠪᠠᠶᠢᠯᠳᠤᠬᠤ ᠪᠣᠳᠣᠯᠭ᠎ᠠ︾ ᠶᠢ ᠬᠡᠷᠡᠭᠵᠢᠭᠦᠯᠵᠦ ᠴᠢᠨᠠᠷ ᠢᠶᠠᠷ ᠨᠠᠩ ᠰᠠᠶᠢᠲᠠᠢ ︽ᠮᠢᠬᠠᠨ ᠤ ᠬᠥᠮᠥᠷᠭᠡ︾ ᠶᠢ ᠪᠠᠶᠢᠭᠤᠯᠵᠤ ᠪᠣᠢ
ᠨᠡᠶᠢᠲᠡᠯᠡᠭᠰᠡᠨ ᠴᠠᠭ᠄
2024/11/12
     ᠤᠯᠠᠭᠠᠨᠬᠠᠳᠠ ᠬᠤᠲᠠ ︽ᠭᠤᠷᠪᠠᠨ ᠶᠡᠭᠡ ᠪᠠᠶᠢᠯᠳᠤᠬᠤ ᠪᠣᠳᠣᠯᠭ᠎ᠠ︾ ᠶᠢ ᠬᠡᠷᠡᠭᠵᠢᠭᠦᠯᠵᠦ᠂ ᠴᠢᠨᠠᠷ ᠢᠶᠠᠷ ᠨᠠᠩ ᠰᠠᠶᠢᠲᠠᠢ ︽ᠮᠢᠬᠠᠨ ᠤ ᠬᠥᠮᠥᠷᠭᠡ︾ ᠶᠢ ᠪᠠᠶᠢᠭᠤᠯᠵᠤ ᠪᠣᠢ᠃ ᠨᠢᠭᠡ ᠳᠤ᠂ ︽ᠦᠬᠡᠷ ᠤᠨ ᠲᠤᠭ᠎ᠠ ᠲᠣᠯᠣᠭᠠᠢ ᠶᠢ ᠨᠡᠮᠡᠭᠳᠡᠭᠦᠯᠦᠨ ᠬᠤᠨᠢ ᠢᠮᠠᠭ᠎ᠠ ᠶᠢᠨ ᠠᠵᠤ ᠦᠢᠯᠡᠰ ᠢ ᠰᠢᠯᠢᠳᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠪᠡ᠃ ᠠᠯᠠᠰᠢᠨ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠵᠤ᠂ ᠰᠠᠭᠤᠷᠢ ᠡᠬᠡ ᠮᠠᠯ ᠤᠨ ᠲᠤᠭ᠎ᠠ ᠲᠣᠯᠣᠭᠠᠢ ᠶᠢ ᠨᠢ ᠣᠯᠠᠰᠢᠷᠠᠭᠤᠯᠤᠨ ᠴᠢᠨᠠᠷ ᠢ ᠨᠢ ᠳᠡᠭᠡᠭᠰᠢᠯᠡᠭᠦᠯᠬᠦ ᠪᠠ ᠰᠠᠶᠢᠨ ᠡᠭᠦᠯᠳᠡᠷ ᠤᠨ ᠨᠥᠬᠦᠪᠦᠷᠢ ᠥᠭᠬᠦ ᠤᠯᠤᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ᠂ ᠵᠣᠣ ᠤᠳᠠ ᠶᠢᠨ ᠠᠯᠠᠰᠢᠨ ᠬᠤᠨᠢ ᠶᠢ ᠳᠡᠯᠭᠡᠷᠡᠭᠦᠯᠬᠦ ᠬᠡᠪᠴᠢᠶᠡᠵᠢᠯ ᠢ ᠥᠷᠭᠡᠳᠭᠡᠪᠡ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ ᠲᠡᠵᠢᠭᠡᠵᠦ ᠪᠠᠶᠢᠭ᠎ᠠ ᠦᠬᠡᠷ ᠤᠨ ᠲᠤᠭ᠎ᠠ ᠲᠣᠯᠣᠭᠠᠢ 406.5 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠨ᠂ ᠲᠡᠵᠢᠭᠡᠵᠦ ᠪᠠᠶᠢᠭ᠎ᠠ ᠬᠤᠨᠢ ᠢᠮᠠᠭᠠᠨ ᠤ ᠲᠤᠭ᠎ᠠ ᠲᠣᠯᠣᠭᠠᠢ 1486.7 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ᠃ ᠬᠤᠶᠠᠷ ᠲᠤ᠂ ︽ᠵᠢᠭᠦᠷᠲᠡᠨ ᠤ ᠲᠤᠭ᠎ᠠ ᠲᠣᠯᠣᠭᠠᠢ ᠶᠢ ᠨᠡᠮᠡᠭᠳᠡᠭᠦᠯᠦᠨ ᠠᠮᠢᠳᠤ ᠭᠠᠭ᠋ᠠᠢ ᠶᠢᠨ ᠠᠵᠤ ᠦᠢᠯᠡᠰ ᠢ ᠰᠢᠯᠢᠳᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠪᠡ᠃ ᠠᠮᠢᠳᠤ ᠭᠠᠭ᠋ᠠᠢ ᠶᠢᠨ ᠦᠷᠡᠵᠢᠬᠦ ᠴᠢᠳᠠᠪᠤᠷᠢ ᠶᠢ ᠲᠣᠬᠢᠷᠠᠭᠤᠯᠤᠨ ᠡᠵᠡᠮᠳᠡᠬᠦ ᠰᠠᠭᠤᠷᠢᠨ ᠭᠠᠵᠠᠷ ᠢ ᠱᠠᠲᠤ ᠬᠤᠪᠢᠶᠠᠨ ᠪᠠᠶᠢᠭᠤᠯᠵᠤ᠂ ᠠᠮᠢᠳᠤ ᠭᠠᠭ᠋ᠠᠢ ᠶᠢᠨ ᠠᠵᠤ ᠦᠢᠯᠡᠰ ᠢ ᠪᠦᠲᠦᠮᠵᠢᠲᠡᠶ ᠲᠣᠭᠲᠠᠭᠤᠨ ᠢᠶᠠᠷ ᠲᠣᠬᠢᠷᠠᠭᠤᠯᠤᠨ ᠡᠵᠡᠮᠳᠡᠵᠦ᠂ ᠢᠳᠡᠰᠢᠨ ᠵᠢᠭᠦᠷᠲᠡᠨ ᠢ ᠲᠡᠵᠢᠭᠡᠨ ᠦᠷᠡᠵᠢᠭᠦᠯᠬᠦ ᠬᠡᠪᠴᠢᠶᠡᠵᠢᠯ ᠢ ᠥᠷᠭᠡᠳᠭᠡᠬᠦ ᠶᠢ ᠳᠡᠮᠵᠢᠵᠦ᠂ ᠵᠢᠭᠦᠷᠲᠡᠨ ᠤ ᠲᠥᠷᠥᠯ ᠢ ᠨᠢᠲᠤᠯᠬᠤ ᠪᠠ ᠵᠢᠭᠦᠷᠲᠡᠨ ᠤ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠬᠥᠭᠵᠢᠭᠦᠯᠪᠡ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ ᠲᠡᠵᠢᠭᠡᠵᠦ ᠪᠠᠶᠢᠭ᠎ᠠ ᠠᠮᠢᠳᠤ ᠭᠠᠭ᠋ᠠᠢ ᠶᠢᠨ ᠲᠤᠭ᠎ᠠ ᠲᠣᠯᠣᠭᠠᠢ 421.9 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.1%  ᠪᠠᠷ ᠨᠡᠮᠡᠭᠳᠡᠨ᠂ ᠵᠢᠭᠦᠷᠲᠡᠨ ᠤ ᠲᠤᠭ᠎ᠠ ᠲᠣᠯᠣᠭᠠᠢ 4034.9 ᠲᠦᠮᠡ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 11.2% ᠢᠶᠠᠷ ᠨᠡᠮᠡᠭᠳᠡᠪᠡ᠃ ᠭᠤᠷᠪᠠ ᠳᠤ᠂ ︽ᠪᠡᠯᠡ ᠮᠥᠩᠭᠦ ᠶᠢ ᠨᠡᠮᠡᠭᠳᠡᠭᠦᠯᠦᠨ ᠮᠡᠷᠭᠡᠵᠢᠯ ᠢ ᠰᠢᠯᠢᠳᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠪᠡ᠃ ︽ᠢᠲᠡᠭᠡᠮᠵᠢᠲᠦ ᠵᠢᠭᠡᠯᠡᠯᠭᠡ + ᠳᠠᠭᠠᠳᠬᠠᠯ + ᠱᠠᠩᠨᠠᠵᠤ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠶᠢᠨ ᠳᠡᠮᠵᠢᠬᠦ ᠲᠣᠭᠲᠠᠯᠴᠠᠭ᠎ᠠ ᠶᠢ ᠪᠠᠶᠢᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠵᠢᠭᠡᠯᠡᠯᠭᠡ ᠶᠢᠨ ᠬᠦᠦ ᠶᠢᠨ ᠨᠣᠷᠮ᠎ᠠ ᠶᠢ 1.95% ᠣᠷᠴᠢᠮ ᠪᠣᠯᠲᠠᠯ᠎ᠠ ᠪᠠᠭᠤᠷᠠᠭᠤᠯᠵᠤ᠂ ᠡᠯ᠎ᠡ ᠲᠥᠷᠥᠯ ᠤᠨ ᠵᠢᠭᠡᠯᠡᠯᠭᠡ ᠶᠢᠨ ᠮᠥᠩᠭᠦ ᠶᠢ ᠪᠠᠷᠤᠭ ᠨᠡᠶᠢᠲᠡ 700 ᠳ᠋ᠦᠩᠰᠢᠭᠤᠷ ᠲᠥᠭᠦᠷᠢᠭ ᠪᠠᠭᠤᠯᠭᠠᠵᠤ᠂ 14378 ᠲᠡᠵᠢᠭᠡᠨ ᠦᠷᠡᠵᠢᠭᠦᠯᠬᠦ ᠡᠷᠦᠬᠡ ᠶᠢ ᠳᠡᠮᠵᠢᠪᠡ᠃ ᠨᠢᠭᠡ ᠲᠣᠯᠣᠭᠠᠢ ᠰᠠᠭᠤᠷᠢ ᠡᠬᠡ ᠮᠠᠯ ᠳᠤ 1 ᠲᠦᠮᠡᠨ ᠲᠦᠭᠦᠷᠢᠭ ᠤᠨ ᠳᠠᠭᠠᠳᠬᠠᠯ ᠤᠨ ᠮᠥᠩᠭᠦ ᠲᠤᠰᠢᠶᠠᠬᠤ ᠳᠤ ᠴᠢᠭᠯᠡᠭᠦᠯᠦᠨ᠂ ᠵᠠᠰᠠᠭ ᠤᠨ ᠣᠷᠳᠣᠨ ᠠᠴᠠ ᠲᠣᠯᠣᠭᠠᠢ ᠪᠦᠷᠢ ᠳᠤ 400 ᠲᠥᠭᠦᠷᠢᠭ ᠤᠨ ᠨᠥᠬᠦᠪᠦᠷᠢ ᠣᠯᠭᠤᠵᠤ᠂ ᠲᠡᠵᠢᠭᠡᠨ ᠦᠷᠡᠵᠢᠭᠦᠯᠬᠦ ᠭᠤᠣᠯ ᠴᠣᠭᠴᠠ ᠶᠢᠨ ᠲᠡᠵᠢᠭᠡᠨ ᠦᠷᠡᠵᠢᠭᠦᠯᠬᠦ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠤᠭᠰᠠᠨ ᠪᠠᠶᠢᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号