11 ᠰᠠᠷ᠎ᠠ ᠶᠢᠨ 9 ᠤ ᠡᠳᠤᠷ ᠤᠨ ᠦᠳᠡ ᠶᠢᠨ ᠡᠮᠤᠨ᠎ᠠ᠂ ᠠᠷᠤ ᠬᠤᠷᠴᠢᠨ ᠬᠤᠰᠢᠭᠤᠨ ᠤ ᠵᠠᠰᠠᠭ ᠤᠨ | ᠤᠷᠳᠤᠨ ᠪᠠ ᠭᠠᠨᠰᠤ ᠶᠢᠨ ᠶᠠ ᠱᠧᠩ ᠠᠵᠤ ᠦᠢᠯᠡᠰ ︵ᠪᠦᠯᠥᠭᠯᠡᠯ︶ ᠤᠨ ᠬᠤᠪᠢ ᠤᠷᠤᠭᠤᠯᠤᠭᠰᠠᠨ ᠬᠢᠵᠠᠭᠠᠷᠲᠤ | ᠺᠣᠮᠫᠠᠨᠢ ᠵᠣᠯᠭᠠᠯᠴᠠᠭᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠲᠡᠳ᠋ | ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ᠂ ᠭᠠᠨᠰᠤ ᠶᠢᠨ ᠶᠠ ᠱᠧᠩ ᠠᠵᠤ ᠦᠢᠯᠡᠰ ︵ᠪᠦᠯᠥᠭᠯᠡᠯ︶ ᠤᠨ | ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ | ᠳᠠᠷᠤᠭ᠎ᠠ ᠯᠢᠶᠠᠨ ᠫᠧᠩ ᠬᠤᠷᠠᠯ ᠳᠤ ᠣᠷᠤᠯᠴᠠᠵᠠᠢ᠃ | | | | ᠬᠤᠷᠠᠯ ᠳᠡᠭᠡᠷ᠎ᠡ᠂ ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠡ᠂ ᠠᠵᠤ ᠦᠢᠯᠡᠳᠪᠦᠷᠢ | ᠮᠡᠳᠡᠭᠡ ᠵᠠᠩᠬᠢᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ | ᠲᠣᠰ ᠲᠣᠰ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠤᠷᠢ ᠵᠢᠴᠢ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠦᠨᠳᠦᠰᠤᠨ ᠪᠠᠶᠢᠳᠠᠯ ᠢ ᠲᠠᠨᠢᠯᠴᠠᠭᠤᠯᠵᠤ᠂ ᠭᠠᠨᠰᠤ ᠶᠢᠨ ᠶᠠ ᠱᠧᠩ ᠪᠦᠯᠤᠭ᠍ᠯᠡᠯ ᠤᠨ | ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠬᠦᠭᠵᠢᠯᠲᠠ ᠶᠢᠨ ᠪᠠᠶᠢᠳᠠᠯ ᠵᠢᠴᠢ ᠬᠠᠮᠳᠤᠷᠠᠯᠴᠠᠭᠠᠨ ᠤ ᠰᠠᠨᠠᠮᠵᠢ ᠶᠢ | ᠲᠠᠨᠢᠯᠴᠠᠭᠤᠯᠤᠨ᠂ ᠬᠤᠷᠠᠯ ᠳᠤ ᠣᠷᠣᠯᠴᠬᠠᠰᠡᠣᠨ ᠦᠨᠲᠤᠷ ᠪᠦᠲᠣᠮᠵᠢᠲᠠᠢ ᠤᠰᠤ ᠠᠷᠪᠢᠯᠠᠬᠤ ᠲᠠᠷᠢᠶᠠᠯᠠᠩ᠂ | ᠪᠣᠬᠢᠷᠳᠤᠯ ᠦᠭᠡᠢ ᠠᠮᠢ ᠠᠬᠤᠢ ᠶᠢᠨ ᠲᠠᠷᠢᠶᠠᠯᠠᠩ᠂ ᠲᠣᠭᠠᠴᠢᠯᠬᠠᠰᠡᠨ ᠣᠶᠣᠨᠳᠤ ᠲᠠᠷᠢᠶᠠᠯᠠᠩ ᠵᠡᠷᠭᠡ ᠲᠠᠯ᠎ᠠ ᠪᠠᠷ | ᠬᠦᠨᠵᠡᠭᠡᠢ ᠬᠠᠮᠲᠤᠷᠠᠬᠤ ᠰᠤᠯᠢᠯᠴᠠᠭ᠎ᠠ ᠬᠢᠪᠡ᠃ | | | | ᠴᠧᠨ ᠬᠤ᠋ ᠨᠠᠨ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠥᠭᠡᠯᠡᠨ ᠭᠠᠨᠰᠤ ᠶᠢᠨ ᠶᠠ | ᠱᠧᠩ ᠪᠦᠯᠤᠭ᠍ᠯᠡᠯ ᠤᠨ ᠬᠦᠷᠤᠯᠴᠡᠨ ᠢᠷᠡᠭᠰᠡᠨ ᠢ ᠪᠠᠶᠡᠷᠯᠡᠨ ᠤᠭᠲᠤᠵᠤ ᠪᠠᠶᠢᠭ᠎ᠠ ᠪᠠᠨ ᠢᠯᠡᠷᠭᠡᠶᠢᠯᠡᠬᠦ ᠶᠢᠨ ᠬᠠᠮᠲᠤ | ᠭᠠᠨᠰᠤ ᠶᠢᠨ ᠶᠠ ᠱᠧᠩ ᠪᠦᠯᠦᠭᠯᠡᠯ ᠭᠠᠨᠰᠤ ᠶᠢᠨ ᠲᠠᠷᠢᠶᠠᠯᠠᠩ ᠤᠨ ᠠᠳᠡᠷ ᠬᠠᠭᠠᠯᠪᠤᠷᠢᠯᠠᠯᠲᠠ ᠶᠢᠨ ᠪᠦᠯᠤᠭ᠍ᠯᠡᠯ ᠤᠨ | ᠬᠤᠪᠢ ᠡᠵᠡᠮᠲᠡᠭᠰᠠᠨ ᠤᠯᠤᠰ ᠤᠨ ᠥᠮᠴᠢᠯᠡᠯ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠡᠯ | ᠪᠣᠯᠤᠭᠰᠠᠨ ᠤ ᠬᠤᠪᠢ ᠳᠤ᠂ ︽ᠤᠷᠳᠤᠯᠵᠢᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠲᠣᠮᠣ ᠲᠠᠷᠢᠶᠠᠯᠠᠩ ᠤᠨ | ᠮᠠᠰᠢᠨ ᠢ ᠲᠤᠨᠤᠭᠯᠠᠵᠤ᠂ ᠲᠣᠮᠣ ᠠᠵᠤ ᠣᠶᠢᠯᠡᠰ ᠢ ᠪᠣᠶᠢᠵᠢᠭᠤᠯᠵᠤ᠂ ᠤᠰᠤ ᠪᠤᠷᠳᠤᠭᠤᠷ ᠢ ᠨᠢᠭᠡ ᠴᠤᠭᠵᠠᠵᠢᠭᠤᠯᠬᠤ︾ | ᠲᠠᠷᠢᠶᠠᠯᠠᠩ ᠤᠨ ᠬᠦᠭᠵᠢᠯᠲᠠ ᠶᠢᠨ ᠪᠠᠶᠢᠷᠢᠰᠢᠯ ᠢ ᠢᠮᠬᠠᠳᠡ ᠪᠠᠷᠢᠮᠳᠠᠯᠠᠨ᠂ ᠲᠡᠷᠢᠮᠡᠯ ᠤᠨ ᠬᠡᠪᠴᠢᠶ᠎ᠡ ᠲᠦᠮᠡᠨ | ᠮᠦ ᠠᠴᠠ ᠲᠠᠪᠠᠭᠰᠡᠨ᠂ ᠦᠢᠯᠡᠣᠡᠪᠣᠷᠢᠯᠡᠯ ᠤᠨ ᠦᠷᠳᠡᠭ ᠳ᠋ᠦᠩᠰᠢᠭᠤᠷ ᠲᠦᠭᠦᠷᠢᠭ ᠠᠴᠠ ᠲᠠᠪᠠᠭᠰᠡᠨ ᠨᠢᠭᠡ ᠪᠦᠯᠥᠭ | ᠭᠤᠣᠯᠯᠠᠬᠤ ᠠᠵᠤ ᠦᠢᠯᠡᠰ ᠢ ᠪᠠᠶᠢᠭᠤᠯᠵᠤ᠂ ᠬᠦᠴᠦᠷᠬᠡᠭ ᠶᠡᠭᠡ ᠡᠬᠢ ᠪᠠᠶᠡᠯᠢᠭ᠋ ᠢ ᠨᠡᠶᠢᠳᠭᠡᠬᠦ ᠴᠢᠳᠡᠪᠤᠷᠢ ᠪᠣᠯᠣᠨ | ᠮᠡᠷᠭᠡᠵᠢᠯ ᠤᠨ ᠰᠢᠨ᠎ᠠ ᠶᠢ ᠡᠭᠦᠣᠡᠬᠦ ᠳᠠᠪᠠᠭᠤᠯᠢᠭ ᠲᠠᠢ ᠶᠤᠮ᠃ ᠠᠷᠤ ᠬᠤᠷᠴᠢᠨ ᠬᠤᠰᠢᠭᠤ ᠠᠵᠢᠯ ᠤᠨ ᠲᠣᠰᠬᠠᠢ | ᠠᠩᠬᠢ ᠪᠠᠶᠢᠭᠤᠯᠵᠤ᠂ ᠨᠠᠷᠢᠯᠢᠭ ᠣᠨᠣᠪᠴᠢᠲᠠᠢ ᠦᠨᠳᠤᠷ ᠪᠦᠳᠣᠮᠵᠢᠲᠡᠢ ᠵᠤᠯᠭᠠᠭᠤᠯᠤᠨ᠂ ᠬᠠᠮᠳᠤᠷᠠᠯᠴᠠᠭᠠᠨ ᠤ | ᠲᠦᠷᠤᠯ ᠵᠦᠢᠯ ᠢ ᠨᠡᠶᠢᠳᠡᠪᠤᠷᠢᠵᠢᠭᠤᠯᠤᠨ ᠬᠡᠷᠡᠭᠵᠢᠭᠦᠯᠬᠦ ᠶᠢ ᠪᠦᠬᠦ ᠬᠦᠴᠤᠨ ᠢᠶᠠᠷ ᠢᠶᠠᠨ ᠠᠬᠢᠭᠤᠯᠵᠤ᠂ ᠠᠵᠤ | ᠠᠬᠤᠶᠢᠯᠠᠯ ᠤᠨ ᠬᠢᠨ ᠠᠷᠤ ᠬᠤᠷᠴᠢᠨ ᠬᠤᠰᠢᠭᠤᠨ ᠤ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ | ︽ᠦᠢᠯᠠᠳᠪᠤᠷᠢᠯᠡᠬᠦ᠂ ᠬᠠᠩᠭᠠᠬᠤ᠂ ᠪᠣᠷᠣᠯᠠᠭᠤᠯᠬᠤ︾ ᠬᠡᠯᠬᠢᠶ᠎ᠡ ᠳᠡᠭᠡᠷ᠎ᠡ ᠰᠢᠰᠲ᠋ᠧᠮ ᠢᠶᠠᠨ ᠨᠢᠭᠡᠳᠭᠡᠬᠦ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠬᠡᠭᠡᠯᠲᠠ ᠶᠢ ᠴᠢᠩᠭᠠᠳᠬᠠᠵᠤ᠂ ᠠᠷᠤ ᠬᠤᠷᠴᠢᠨ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠣᠳᠤᠬᠢᠴᠢᠯᠠᠯᠲᠠ ᠶᠢ ᠨᠡᠩ ᠦᠨᠳᠤᠷ ᠲᠦᠪᠰᠢᠨ ᠳᠤ ᠬᠦᠷᠭᠡᠬᠦ ᠶᠢ | ᠠᠬᠢᠭᠤᠯᠬᠤ ᠶᠢ ᠬᠦᠰᠡᠪᠠ᠃ | | | | ᠯᠢᠶᠠᠨ ᠫᠧᠩ ᠢᠯᠡᠷᠬᠡᠶᠢᠯᠡᠬᠦ ᠳᠡᠭᠡᠨ᠂ ᠠᠷᠤ ᠬᠤᠷᠴᠢᠨ ᠬᠤᠰᠢᠭᠤ ᠡᠬᠢ ᠪᠠᠶᠡᠯᠢᠭ᠋ ᠤᠨ ᠳᠠᠪᠠᠭᠤᠯᠢᠭ ᠲᠠᠢ | ᠮᠦᠷᠳᠡᠭᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠰᠠᠶᠢᠨ ᠪᠠᠶᠢᠵᠤ᠂ ᠺᠣᠮᠫᠠᠨᠢ ᠨᠢ ᠠᠷᠤ ᠬᠤᠷᠴᠢᠨ ᠬᠤᠰᠢᠭᠤ | ᠯᠤᠭ᠎ᠠ ᠶᠢᠨ ᠨᠡᠪᠲᠠᠷᠠᠯᠴᠡᠭᠡ ᠬᠠᠷᠢᠯᠴᠠᠭ᠎ᠠ ᠪᠠᠨ ᠴᠢᠩᠭᠠᠣᠡᠬᠠᠵᠤ᠂ ᠲᠠᠷᠢᠶᠠᠨ ᠭᠠᠵᠠᠷ ᠤᠨ ᠤᠰᠤᠨ ᠠᠰᠢᠡᠡᠯᠠᠯᠳᠡ ᠶᠢᠨ | ᠪᠦᠳᠣᠭᠡᠨ ᠪᠠᠶᠢᠭᠤᠯᠤᠯᠲᠠ᠂ ᠭᠠᠵᠠᠷ ᠰᠢᠷᠣᠢ ᠶᠢᠨ ᠬᠡᠷᠡᠭᠯᠡᠬᠦ ᠡᠷᠭᠡ ᠶᠢ ᠰᠢᠯᠵᠢᠭᠦᠯᠤᠨ ᠡᠵᠡᠩᠨᠡᠬᠦ᠂ ᠤᠰᠤ ᠠᠷᠪᠢᠯᠠᠬᠤ | ᠲᠤᠨᠣᠭᠯᠠᠯ ᠦᠢᠯᠡᠣᠡᠬᠦ ᠵᠡᠷᠭᠡ ᠬᠦᠷᠢᠶᠡᠨ ᠳᠤ ᠭᠦᠨᠵᠡᠭᠡᠢ ᠵᠤᠯᠭᠠᠭᠤᠯᠤᠨ ᠬᠠᠮᠳᠤᠷᠠᠯᠴᠠᠵᠤ᠂ ᠣᠷᠣᠨ ᠨᠤᠳᠤᠭ ᠤᠨ | ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠳᠤ ᠬᠦᠴᠦᠨ ᠨᠡᠮᠡᠷᠢᠯᠡᠨ᠎ᠡ ᠭᠡᠵᠡᠢ᠃ | ᠬᠤᠰᠢᠭᠤᠨ ᠲᠡᠳ᠋ ᠳᠠᠷᠤᠭ᠎ᠠ ᠮᠦ ᠭᠦᠸᠧ ᠳ᠋ᠦᠩ᠂ ᠬᠤᠰᠢᠭᠤᠨ ᠵᠠᠰᠠᠭ ᠤᠨ ᠤᠷᠳᠤᠨ ᠤ ᠠᠯᠪᠠᠨ ᠭᠡᠷ᠂ | ᠠᠵᠤ ᠦᠢᠯᠡᠳᠪᠤᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠪᠠ ᠪᠡᠯᠡ ᠣᠷᠣᠭᠤᠯᠤᠯᠲᠠ ᠶᠢ | ᠠᠬᠢᠭᠤᠯᠬᠤ ᠲᠣᠪᠴᠢᠶ᠎ᠠ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠵᠢᠴᠢ ᠭᠠᠨᠰᠤ ᠶᠢᠨ ᠶᠠ | ᠱᠧᠩ ᠠᠵᠤ ᠦᠢᠯᠡᠰ ᠤᠨ ᠪᠦᠯᠦᠭᠯᠡᠯ ᠪᠣᠯᠣᠨ ᠪᠡᠭᠡᠵᠢᠩ ᠤᠨ ᠵᠦᠩ ᠺᠧ ᠸᠧᠢ ᠬᠤᠸᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ | ᠣᠷᠣᠯᠴᠠᠪᠠ᠃ ︵ᠯᠢ ᠬᠤᠸᠠᠨ ᠢᠦᠢ︶ |