ᠬᠤᠨᠳᠣ ᠪᠠᠯᠭᠠᠰᠤ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠢ ᠠᠭᠤᠰᠤᠯᠴᠠᠭᠤᠯᠤᠨ ᠠᠰᠢᠭᠯᠠᠵᠤ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠬᠠᠮᠲᠤ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠶᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/11/13
       ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠤᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠥᠭᠵᠢᠬᠦ ᠵᠠᠭᠪᠤᠷ ᠢ ᠢᠳᠡᠪᠬᠢᠲᠡᠶ ᠠᠬᠢᠭᠤᠯᠬᠤ ᠶᠢᠨ ᠲᠥᠯᠥᠭᠡ᠂ ᠬᠤᠨᠳᠣ ᠪᠠᠯᠭᠠᠰᠤᠨ ᠤ ᠬᠡᠰᠡᠭ ᠭᠠᠴᠠᠭᠠᠨ ᠤ ᠮᠠᠯᠴᠢᠳ ︽ᠤᠨᠳᠤᠤ ᠭᠠᠵᠠᠷ ᠲᠤ ᠲᠡᠵᠢᠭᠡᠬᠦ︾ ᠬᠡᠯᠪᠡᠷᠢ ᠪᠠᠷ ᠨᠠᠮᠤᠷ ᠤᠨ ᠬᠤᠷᠢᠶᠠᠯᠲᠠ ᠪᠠᠨ ᠠᠪᠤᠭᠰᠠᠨ ᠡᠷᠳᠡᠨᠢ ᠰᠢᠰᠢ ᠶᠢᠨ ᠲᠠᠷᠢᠶᠠᠨ ᠭᠤᠤᠷᠰᠤᠨ ᠭᠠᠵᠠᠷ ᠲᠤ ᠦᠬᠡᠷ ᠬᠤᠨᠢ ᠪᠠᠨ ᠬᠠᠷᠢᠭᠤᠯᠵᠤ᠂ ᠮᠠᠯ ᠠᠵᠤ ᠠᠬᠤᠶ ᠶᠢᠨ ᠬᠥᠭᠵᠢᠯᠲᠡ ᠪᠣᠯᠤᠨ ᠪᠠᠢᠭᠠᠯᠢ ᠶᠢᠨ ᠳᠠᠭᠠᠭᠠᠴᠠ ᠶᠢᠨ ᠴᠢᠳᠠᠪᠤᠷᠢ ᠬᠠᠷᠢᠯᠴᠠᠨ ᠵᠣᠬᠢᠴᠠᠩᠭᠤᠶ᠂ ᠬᠠᠷᠢᠯᠴᠠᠨ ᠲᠦᠰᠢᠭᠯᠡᠯᠴᠡᠬᠦ᠂ ᠬᠠᠷᠢᠯᠴᠠᠨ ᠠᠬᠢᠭᠤᠯᠬᠤ ᠡᠷᠭᠢᠯᠲᠡᠲᠦ ᠬᠥᠭᠵᠢᠯᠲᠡ ᠶᠢᠨ ᠵᠠᠮ ᠢ ᠨᠡᠭᠡᠭᠡᠵᠡᠶ᠃
       ᠣᠶᠢᠷ᠎ᠠ ᠶᠢᠨ ᠡᠳᠦᠷ ᠤᠳ ᠲᠤ᠂ ᠬᠤᠨᠳᠣ ᠪᠠᠯᠭᠠᠰᠤᠨ ᠤ ᠠᠷᠤᠪᠤᠯᠠᠭ ᠭᠠᠴᠠᠭ᠎ᠠ᠂ ᠣᠩᠭᠤᠨᠮᠣᠳᠤ ᠭᠠᠴᠠᠭ᠎ᠠ ᠵᠡᠷᠭᠡ ᠭᠠᠴᠠᠭᠠᠨ ᠤ ᠮᠠᠯᠴᠢᠳ ᠰᠢᠨ ᠮᠢᠨ ᠰᠢᠶᠠᠩ᠂ ᠪᠠᠶᠠᠨᠬᠤᠸᠠ ᠪᠠᠯᠭᠠᠰᠤ᠂ ᠱᠤᠸᠠᠩ ᠱᠧᠩ ᠪᠠᠯᠭᠠᠰᠤ ᠵᠡᠷᠭᠡ ᠲᠠᠷᠢᠶᠠᠯᠠᠬᠤ ᠣᠷᠣᠨ ᠠᠴᠠ 4000 ᠭᠠᠷᠤᠶ ᠮᠦ ᠡᠰᠢ ᠰᠦᠷᠡᠯ ᠬᠤᠳᠠᠯᠳᠤᠨ ᠠᠪᠴᠤ᠂ ᠡᠪᠦᠯ ᠤᠨ ᠤᠯᠠᠷᠢᠯ ᠤᠨ ᠡᠪᠡᠰᠦ ᠪᠣᠷᠳᠤᠭ᠎ᠠ ᠪᠠᠨ ᠨᠥᠭᠡᠴᠡᠯᠡᠵᠦ᠂ ᠲᠠᠷᠢᠶᠠᠯᠠᠬᠤ ᠣᠷᠣᠨ ᠤ ᠡᠰᠢ ᠰᠦᠷᠡᠯ ᠢ ᠰᠢᠢᠳᠪᠦᠷᠢᠯᠡᠬᠦ ᠠᠰᠠᠭᠤᠳᠠᠯ ᠢ ᠵᠣᠬᠢᠬᠤ ᠬᠡᠮᠵᠢᠶ᠎ᠡ ᠪᠠᠷ ᠰᠢᠢᠳᠪᠦᠷᠢᠯᠡᠭᠰᠡᠨ ᠶᠤᠮ᠃ ᠡᠭᠦᠨ ᠤ ᠬᠠᠮᠲᠤ᠂ ᠰᠢᠨ ᠮᠢᠨ ᠰᠢᠶᠠᠩ᠂ ᠪᠠᠶᠠᠨᠬᠤᠸᠠ ᠪᠠᠯᠭᠠᠰᠤ ᠵᠡᠷᠭᠡ ᠬᠥᠷᠰᠢ ᠵᠡᠷᠭᠡᠯᠡᠳᠡᠭᠡ ᠲᠠᠷᠢᠶᠠᠯᠠᠬᠤ ᠣᠷᠣᠨ ᠤ 3000 ᠭᠠᠷᠤᠶ ᠮᠦ ᠲᠠᠷᠢᠶ᠎ᠠ ᠶᠢ ᠲᠦᠷᠢᠶᠡᠰᠦᠯᠡᠨ ᠬᠡᠷᠡᠭᠯᠡᠵᠦ᠂ ᠲᠠᠷᠢᠶᠠᠨ ᠭᠤᠤᠷᠰᠤᠨ ᠭᠠᠵᠠᠷ ᠲᠤ ᠨᠢ 3000 ᠭᠠᠷᠤᠶ ᠬᠤᠨᠢ ᠨᠢᠭᠡᠴᠡ ᠶᠢᠨ ᠦᠬᠡᠷ ᠬᠤᠨᠢ ᠪᠠᠨ ᠬᠠᠷᠢᠭᠤᠯᠵᠤ ᠪᠠᠶᠢᠨ᠎ᠠ᠃ ᠮᠠᠯ ᠣᠨᠤᠭ᠎ᠠ ᠶᠢᠨ ᠭᠢᠰᠬᠢᠯᠲᠡ ᠪᠠ ᠬᠡᠮᠡᠯᠢᠯᠲᠡ ᠨᠢ ᠪᠠᠰᠠ ᠲᠠᠷᠢᠶᠠᠨ ᠭᠠᠵᠠᠷ ᠤᠨ ᠬᠥᠷᠥᠰᠥ ᠰᠢᠷᠣᠶ ᠶᠢ ᠰᠠᠶᠢᠵᠢᠷᠠᠭᠤᠯᠬᠤ᠂ ᠬᠦᠴᠦ ᠰᠢᠮ᠎ᠡ ᠶᠢ ᠨᠡᠮᠡᠭᠳᠡᠭᠦᠯᠬᠦ ᠳᠤ ᠠᠰᠢᠭᠲᠠᠶ ᠶᠤᠮ᠂ ᠡᠶᠢᠮᠦᠷᠬᠦᠦ ᠡᠬᠢ ᠪᠠᠶᠠᠯᠢᠭ ᠤᠨ ᠣᠷᠴᠢᠯ ᠨᠢ ᠭᠠᠵᠠᠷ ᠰᠢᠷᠣᠶ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠤᠭᠰᠠᠨ ᠢᠶᠠᠷ ᠪᠠᠷᠠᠬᠤ ᠦᠭᠡᠶ ᠪᠠᠰᠠ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠵᠡᠶ᠃
       ᠡᠶᠢᠮᠣᠷᠬᠦ ᠬᠠᠮᠲᠤᠷᠠᠨ ᠠᠵᠢᠯᠯᠠᠬᠤ ᠠᠷᠭ᠎ᠠ ᠬᠡᠯᠪᠡᠷᠢ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠢᠯᠡᠣᠡᠪᠣᠷᠢᠯᠡᠯ ᠠᠮᠢᠳᠤᠷᠠᠯ ᠤᠨ ᠳᠤᠮᠳᠠᠬᠢ ᠨᠢᠭᠲᠠ ᠬᠠᠷᠢᠴᠠᠭ᠎ᠠ ᠶᠢ ᠢᠯᠡᠷᠡᠭᠦᠯᠵᠦ ᠲᠠᠰᠤᠷᠠᠯᠲᠠ ᠦᠭᠡᠶ ᠶᠠᠪᠤᠯᠴᠠᠨ ᠰᠣᠯᠢᠯᠴᠠᠵᠤ ᠠᠭᠤᠰᠤᠯᠴᠠᠭᠰᠠᠨ ᠭᠤᠶᠢᠳᠠ ᠰᠠᠶᠢᠬᠠᠨ ᠦᠵᠡᠭᠳᠡᠯ ᠵᠢᠷᠤᠭ ᠤᠳ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠠᠮᠢᠳᠤᠯᠢᠭ ᠦᠢᠯᠡᠳᠣᠯᠭᠡ ᠶᠢᠨ ᠵᠠᠭᠪᠤᠷ ᠢ ᠬᠠᠩᠭᠠᠪᠠ᠃ ᠡᠨᠡ ᠨᠢ ᠪᠠᠰᠠ ᠬᠤᠨᠳᠣ ᠪᠠᠯᠭᠠᠰᠤᠨ ᠤ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠠ ᠦᠨᠳᠦᠰᠦᠲᠡᠨ ᠨᠦᠭᠦᠳ ᠤᠨ ᠬᠠᠮᠲᠤᠪᠠᠷ ᠪᠠᠶᠠᠵᠢᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠭᠠᠷ ᠬᠤᠯᠪᠣᠨ ᠬᠠᠮᠲᠤᠪᠠᠷ ᠤᠷᠤᠭᠰᠢᠯᠠᠬᠤ ᠵᠠᠮ ᠳᠡᠭᠡᠷ᠎ᠡ ᠪᠦᠯᠬᠦᠮᠳᠡᠨ ᠬᠠᠪᠰᠤᠷᠤᠯᠴᠠᠬᠤ᠂ ᠡᠶ᠎ᠡ ᠵᠣᠬᠢᠴᠠᠩᠭᠤᠶ ᠪᠠᠷ ᠬᠠᠮᠲᠤ ᠣᠷᠣᠰᠢᠬᠤ᠂ ᠬᠠᠮᠲᠤᠪᠠᠷ ᠬᠥᠭᠵᠢᠬᠦ ᠰᠠᠶᠢᠨ ᠰᠠᠶᠢᠬᠠᠨ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号