ᠵᠢᠶᠠ ᡁᠢ ᠬᠤᠩ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠶᠤᠯᠭᠦᠶ ᠦᠢᠯᠡᠣᠡᠪᠣᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/11/13
       11 ᠰᠠᠷ᠎ᠠ ᠶᠢᠨ 12 ᠤᠨ ᠡᠳᠦᠷ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠ ᡁᠢ ᠬᠤᠩ ᠠᠶᠤᠯᠭᠦᠶ ᠦᠢᠯᠡᠣᠡᠪᠣᠷᠢᠯᠡᠯ᠂ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠣᠨ ᠵᠢᠯᠣᠭᠤᠳᠴᠤ᠂ ᠬᠤᠰᠢᠭᠤᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
       ᠵᠢᠶᠠ ᡁᠢ ᠬᠤᠩ ᠨᠠᠷ ᠤᠷᠢᠳ ᠬᠤᠵᠢᠳ ᠠᠷᠤ ᠬᠤᠷᠴᠢᠨ ᠬᠤᠰᠢᠭᠤᠨ ᠤ ᠲᠡᠭᠡᠭᠡᠪᠦᠷᠢ ᠶᠢᠨ ᠺᠣᠮᠫᠠᠨᠢ ᠶᠢᠨ ᠴᠢᠪᠠᠭ᠎ᠠ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠮᠤᠵᠢ ᠶᠢᠨ ᠵᠠᠮ ᠤᠨ 210 ᠱᠤᠭᠤᠮ ᠤᠨ 362 ᠠᠴᠠ 372 ᠺᠢᠯᠣᠮᠧᠲᠷ ᠤᠨ ᠭᠡᠮ ᠰᠤᠭᠤᠭ ᠢ ᠵᠠᠰᠠᠬᠤ ᠵᠠᠮ ᠤᠨ ᠬᠡᠰᠡᠭ᠂ ᠭᠧᠮᠫᠢ ᠣᠢ ᠰᠢᠭᠤᠶ ᠶᠢᠨ ᠲᠠᠯᠠᠪᠠᠢ᠂ ᠣᠯᠠᠨᠬᠤᠸᠠ ᠠᠭᠤᠷᠬᠠᠶ ᠶᠢᠨ ᠦᠢᠯᠡᠰ ᠤᠨ ᠺᠣᠮᠫᠠᠨᠢ᠂ ᠺᠦᠨ ᠬᠤᠩ ᠠᠭᠤᠷᠬᠠᠶ ᠶᠢᠨ ᠦᠢᠯᠡᠰ ᠤᠨ ᠺᠣᠮᠫᠠᠨᠢ᠂ ᠬᠤᠨᠳᠣ ᠪᠠᠯᠭᠠᠰᠤ ᠶᠢᠨ ᠵᠠᠰᠠᠭ ᠤᠨ ᠣᠷᠳᠣᠨ᠂ ᠬᠤᠨᠳᠣ ᠣᠢ ᠰᠢᠭᠤᠶ ᠶᠢᠨ ᠲᠠᠯᠠᠪᠠᠢ ᠵᠡᠷᠭᠡ ᠭᠠᠵᠠᠷ ᠲᠤ ᠬᠦᠷᠴᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠢᠭᠰᠡᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ ᠠᠵᠢᠯ᠂ ᠭᠡᠮ ᠰᠣᠭᠤᠭ ᠲᠠᠢ ᠵᠠᠮ ᠤᠨ ᠬᠡᠰᠡᠭ ᠤᠨ ᠠᠮᠤᠷ ᠲᠦᠪᠰᠢᠨ ᠤ ᠵᠠᠰᠠᠯᠲᠠ ᠶᠢᠨ ᠠᠵᠢᠯ᠂ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠵᠢᠴᠢ ᠠᠭᠤᠷᠬᠠᠶ ᠶᠢᠨ ᠦᠢᠯᠡᠰ ᠤᠨ ᠠᠶᠤᠯᠭᠦᠶ ᠦᠢᠯᠡᠣᠡᠪᠣᠷᠢᠯᠡᠯ ᠤᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃
       ᠵᠢᠶᠠ ᡁᠢ ᠬᠤᠩ ᠴᠢᠬᠤᠯᠠᠴᠢᠯᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠣᠡᠪᠣᠷᠢᠯᠡᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ  ᠲᠤᠭᠤᠰᠢᠯᠠᠭᠤᠯᠵᠤ᠂  ᠠᠷᠠᠳ  ᠲᠦᠮᠡᠨ  ᠢ  ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠠᠶᠤᠯᠭᠦᠶ ᠦᠢᠯᠡᠣᠡᠪᠣᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠳᠠᠶᠢᠵᠢᠭᠤᠯᠵᠤ᠂ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠡᠯ᠎ᠡ ᠲᠥᠷᠥᠯ ᠤᠨ ᠠᠶᠤᠯ ᠲᠦᠭᠰᠢᠭᠦᠷᠢ ᠭᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠦᠨ᠂ ᠠᠷᠤ ᠬᠤᠷᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠳᠡᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠪᠡ᠃ ︵ᠯᠢ ᠬᠤᠸᠠᠨ ᠢᠦᠶ᠂ ᠬᠤᠷᠳᠤᠨᠬᠦᠦ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号