ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠱᠠᠨᠰᠢ ᠶᠢᠨ ᠬᠤᠸᠠ ᠱᠠᠨ ᠵᠠᠮ ᠬᠥᠭᠦᠷᠭᠡ ᠶᠢᠨ ᠪᠦᠯᠦᠭᠯᠡᠯ᠂ ᠱᠠᠨᠰᠢ ᠶᠢᠨ ᠬᠤᠸᠠ ᠮᠥ ᠲᠠᠷᠢᠮᠡᠯ ᠤᠨ ᠦᠢᠯᠡᠰ ᠤᠨ ᠺᠣᠮᠫᠠᠨᠢ ᠲᠠᠢ ᠣᠶᠣᠡᠴᠢ ᠲᠣᠭᠠᠴᠢᠯᠠᠭᠰᠠᠨ ᠮᠠᠯ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/11/15
       ᠮᠠᠨ ᠤ ᠬᠤᠰᠢᠭᠤ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠪᠦᠳᠣᠭᠡᠭᠳᠡᠭᠦᠨ ᠤ ᠦᠢᠯᠡᠣᠡᠪᠣᠷᠢᠯᠡᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠪᠥᠬᠦ  ᠬᠦᠴᠦᠨ  ᠢᠶᠠᠷ  ᠢᠶᠠᠨ  ᠲᠦᠯᠬᠢᠨ  ᠠᠬᠢᠭᠤᠯᠵᠤ᠂ ᠱᠠᠨᠰᠢ ᠶᠢᠨ ᠬᠤᠸᠠ ᠱᠠᠨ ᠵᠠᠮ ᠬᠥᠭᠦᠷᠭᠡ ᠶᠢᠨ ᠪᠦᠯᠦᠭᠯᠡᠯ᠂ ᠱᠠᠨᠰᠢ ᠶᠢᠨ ᠬᠤᠸᠠ ᠮᠦ ᠲᠠᠷᠢᠮᠡᠯ ᠤᠨ ᠦᠢᠯᠡᠰ ᠤᠨ ᠺᠣᠮᠫᠠᠨᠢ ᠲᠠᠢ ᠭᠡᠷ᠎ᠡ ᠲᠣᠭᠲᠠᠵᠤ ᠨᠠᠶᠢᠳᠠᠪᠤᠷᠢᠵᠢᠭᠤᠯᠬᠤ ᠶᠢ ᠬᠦᠴᠣᠯᠡᠨ ᠠᠬᠢᠭᠤᠯᠪᠠ᠃ ᠲᠡᠭᠦᠨ ᠤ ᠢᠡᠵᠧᠨᠧᠷᠢᠩ ᠤᠨ ᠲᠦᠰᠣᠪᠯᠡᠯ ᠪᠠᠶᠢᠭᠤᠯᠤᠯᠲᠠ ᠪᠣᠯᠣᠨ ᠮᠠᠯ ᠲᠡᠵᠢᠭᠡᠪᠣᠷᠢ  ᠲᠡᠵᠢᠭᠡᠨ ᠦᠷᠡᠵᠢᠭᠦᠯᠵᠤ ᠪᠣᠷᠣᠯᠠᠭᠤᠯᠬᠤ ᠬᠦᠷᠢᠶᠡᠨ ᠳᠤ ᠨᠡᠯᠢᠶᠡᠤᠨ ᠴᠢᠩᠭ᠎ᠠ ᠪᠡᠯᠡ ᠮᠥᠩᠭᠦ ᠮᠡᠷᠭᠡᠵᠢᠯ ᠤᠨ ᠪᠣᠳᠠᠲᠤ ᠬᠦᠴᠦᠨ ᠪᠣᠯᠣᠨ ᠡᠯᠪᠡᠭ ᠪᠠᠶᠠᠯᠢᠭ ᠡᠵᠡᠩᠨᠡᠯᠲᠡ ᠬᠠᠮᠢᠶᠠᠷᠤᠯᠲᠠ ᠶᠢᠨ ᠲᠤᠷᠰᠢᠯᠭ᠎ᠠ ᠶᠢ ᠠᠰᠢᠡᠡᠯᠠᠵᠣ᠂ 12.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠣᠶᠣᠡᠴᠢ ᠲᠣᠭᠠᠴᠢᠯᠬᠠᠰᠡᠨ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠯᠥᠪᠵᠢᠭᠦᠯᠦᠨ ᠪᠠᠶᠢᠭᠤᠯᠵᠤ᠂ ᠡᠭᠦᠨ ᠳᠤ ᠲᠦᠮᠡᠨ ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠪᠣᠯᠣᠨ ᠴᠠᠭᠠᠨ ᠢᠳᠡᠭᠡᠨ ᠦᠢᠯᠡᠣᠡᠪᠣᠷᠢᠯᠡᠬᠦ ᠰᠠᠭᠤᠷᠢᠨ ᠭᠠᠵᠠᠷ ᠤᠨ ᠲᠥᠷᠥᠯ ᠵᠦᠢᠯ ᠪᠠᠭᠲᠠᠨ᠎ᠠ᠃ ᠡᠭᠦᠨ ᠳᠤ ᠲᠡᠵᠢᠭᠡᠨ ᠦᠷᠡᠵᠢᠭᠦᠯᠬᠦ ᠲᠥᠷᠥᠯ ᠵᠦᠢᠯ ᠳᠤ 9.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠡᠵᠡᠩᠨᠡᠭᠰᠡᠨ ᠤ ᠳᠠᠷᠠᠭ᠎ᠠ 2 ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠬᠦᠯᠬᠦ ᠪᠠᠷ ᠲᠦᠯᠣᠪᠯᠡᠵᠤ᠂ ᠡᠭᠦᠨ ᠳᠤ ᠪᠦᠳᠣᠭᠡᠭᠳᠡᠭᠦᠨ ᠦᠢᠯᠡᠣᠡᠪᠣᠷᠢᠯᠡᠬᠦ ᠳᠤ ᠬᠡᠷᠡᠭᠯᠡᠬᠦ 14400 ᠲᠣᠯᠣᠭᠠᠢ᠂ ᠪᠡᠯᠡᠳᠬᠡᠯ 9600 ᠲᠣᠯᠣᠭᠠᠶ ᠪᠣᠯᠣᠨ᠎ᠠ᠃ ᠠᠰᠢᠡᠡᠯᠠᠯᠳᠡ ᠳᠤ ᠣᠷᠣᠡᠡᠰᠡᠨ ᠤ ᠳᠠᠷᠠᠭ᠎ᠠ᠂ ᠵᠢᠯ ᠳᠤ 13.83 ᠲᠦᠮᠡᠨ ᠲᠣᠨ ᠴᠢᠨᠠᠷ ᠰᠠᠶᠢᠳᠡᠢ ᠲᠦᠬᠦᠬᠡᠢ ᠰᠦ ᠦᠢᠯᠡᠣᠡᠪᠣᠷᠢᠯᠡᠵᠤ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ ᠵᠢᠱᠢᠯᠲᠡ ᠪᠠᠷ 4.15 ᠳ᠋ᠦᠩᠰᠢᠭᠤᠷ ᠲᠥᠭᠦᠷᠢᠭ ᠲᠤ ᠬᠦᠷᠭᠡᠵᠤ᠂ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ ᠶᠢ 6223.5 ᠲᠦᠮᠡᠨ ᠲᠥᠭᠦᠷᠢᠭ ᠲᠤ ᠬᠦᠷᠭᠡᠨ᠂ ᠲᠣᠰ ᠭᠠᠵᠠᠷ ᠤᠨ 210 ᠬᠥᠳᠡᠯᠮᠦᠷᠢ ᠬᠦᠴᠦᠨ ᠳᠤ ᠠᠵᠢᠯ ᠤᠯᠭᠤᠬᠤ ᠪᠠᠷ ᠪᠤᠢ︔ ᠴᠠᠭᠠᠨ ᠢᠳᠡᠭᠡᠨ ᠪᠣᠯᠪᠠᠰᠤᠷᠠᠭᠤᠯᠬᠤ ᠲᠥᠷᠥᠯ ᠵᠦᠢᠯ ᠳᠤ 3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠪᠠᠶᠢᠭᠤᠯᠵᠤ ᠠᠰᠢᠭᠯᠠᠯᠲᠠ ᠳᠤ ᠣᠷᠣᠭᠤᠯᠣᠡᠡᠰᠡᠨ ᠤ ᠳᠠᠷᠠᠭ᠎ᠠ ᠵᠢᠯ ᠳᠤ ᠲᠦᠭᠦᠬᠡᠢ ᠰᠦ᠂ ᠡᠭᠡᠳᠡᠭᠰᠡᠨ ᠰᠦ ᠵᠡᠷᠭᠡ ᠡᠯ᠎ᠡ ᠲᠥᠷᠥᠯ ᠤᠨ ᠴᠠᠭᠠᠨ ᠢᠳᠡᠭᠡᠨ 11 ᠲᠦᠮᠡᠨ ᠲᠣᠨ ᠦᠢᠯᠡᠣᠡᠪᠣᠷᠢᠯᠡᠬᠦ ᠪᠠᠷ ᠲᠦᠯᠣᠪᠯᠡᠵᠤ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ ᠪᠠᠷᠤᠭ 15 ᠳ᠋ᠦᠩᠰᠢᠭᠤᠷ ᠲᠥᠭᠦᠷᠢᠭ ᠲᠤ ᠬᠦᠷᠣᠭᠦᠯᠵᠤ᠂ ᠵᠢᠯ ᠤᠨ ᠲᠤᠰᠢᠶᠠᠬᠤ ᠭᠠᠶᠢᠯᠢ ᠶᠢᠨ ᠲᠤᠭ᠎ᠠ ᠶᠢ 6000 ᠲᠦᠮᠡᠨ ᠲᠥᠭᠦᠷᠢᠭ ᠲᠤ ᠬᠦᠷᠣᠭᠦᠯᠤᠨ᠂ 300 ᠭᠠᠷᠤᠶ ᠬᠥᠳᠡᠯᠮᠦᠷᠢ ᠬᠦᠴᠦᠨ ᠳᠤ ᠠᠵᠢᠯ ᠣᠯᠭᠤᠬᠤ ᠪᠠᠷ ᠪᠣᠢ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号