ᠠᠷᠤ ᠬᠤᠷᠴᠢᠨ ᠬᠤᠰᠢᠭᠤᠨ ᠤ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ︽ᠳᠠᠩᠰᠠ ᠡᠪᠬᠡᠮᠡᠯ ᠢᠶᠠᠷ ᠠᠷᠤ ᠬᠤᠷᠴᠢᠨ ᠲᠡᠦᠬᠡ ᠪᠠᠨ ᠥᠪᠯᠡᠵᠦ᠂ ᠳᠦᠷᠰᠦ ᠪᠢᠴᠢᠯᠭᠡ ᠪᠠᠷ ᠦᠨᠳᠦᠰᠦᠲᠡᠨ ᠤ ᠰᠦᠭ ᠰᠦᠨᠡᠰᠦ ᠶᠢ ᠤᠯᠠᠮᠵᠢᠯᠠᠬᠤ︾ ᠬᠠᠨᠳᠢᠪ ᠤᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/11/15
       11 ᠰᠠᠷ᠎ᠠ ᠶᠢᠨ 12 ᠤᠨ ᠡᠳᠦᠷ᠂ ᠠᠷᠤ ᠬᠤᠷᠴᠢᠨ ᠬᠤᠰᠢᠭᠤᠨ ᠤ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ︽ᠳᠠᠩᠰᠠ ᠡᠪᠬᠡᠮᠡᠯ ᠢᠶᠠᠷ ᠠᠷᠤ ᠬᠤᠷᠴᠢᠨ ᠲᠡᠦᠬᠡ ᠪᠠᠨ ᠥᠪᠯᠡᠵᠦ᠂ ᠳᠦᠷᠰᠦ ᠪᠢᠴᠢᠯᠭᠡ ᠪᠠᠷ ᠦᠨᠳᠦᠰᠦᠲᠡᠨ ᠤ ᠰᠦᠭ ᠰᠦᠨᠡᠰᠦ ᠶᠢ ᠤᠯᠠᠮᠵᠢᠯᠠᠬᠤ︾ ᠰᠡᠳᠦᠪᠲᠦ ᠬᠠᠨᠳᠢᠪ ᠤᠨ ᠶᠣᠰᠣᠯᠠᠯ ᠡᠷᠬᠢᠯᠡᠭᠰᠡᠨ ᠪᠥᠭᠡᠳ ︽ᠣᠷᠣᠨ ᠨᠤᠲᠤᠭ ᠤᠨ ᠲᠡᠦᠬᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠠᠭᠤᠯᠬᠤᠨ ᠢ ᠭᠦᠨ ᠠᠭᠤᠳᠠᠯᠬᠤ︾ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠶᠠᠷᠢᠯᠴᠠᠬᠤ ᠬᠤᠷᠠᠯ ᠬᠤᠷᠠᠯᠳᠤᠪᠠ᠃
       ᠶᠣᠰᠦᠯᠡᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯᠪᠠᠰᠤᠷᠠᠯ ᠤᠨ ᠲᠥᠪ ᠢ ᠬᠠᠮᠲᠤ ᠪᠠᠷ ᠲᠣᠭᠤᠷᠢᠨ ᠦᠵᠡᠪᠡ᠃
       ᠶᠣᠰᠣᠯᠠᠯ ᠳᠡᠭᠡᠷ᠎ᠡ᠂ ᠠᠷᠤ ᠬᠤᠷᠴᠢᠨ ᠬᠤᠰᠢᠭᠤᠨ ᠤ ᠡᠯ᠎ᠡ ᠭᠠᠵᠠᠷ ᠣᠷᠣᠨ ᠡᠯ᠎ᠡ ᠠᠵᠢᠯ ᠲᠥᠷᠥᠯ ᠤᠨ ᠨᠡᠶᠢᠲᠡ 17 ᠬᠥᠮᠦᠨ ᠬᠤᠰᠢᠭᠤᠨ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠳᠤ ᠣᠷᠣᠨ ᠨᠤᠲᠤᠭ ᠤᠨ ᠣᠶᠢᠯᠠᠯᠭ᠎ᠠ᠂ ᠭᠠᠷ ᠪᠢᠴᠢᠮᠡᠯ᠂ ᠪᠦᠲᠦᠭᠡᠯ ᠤᠨ ᠲᠡᠭᠦᠪᠦᠷᠢ  ᠳᠠᠭᠤᠤ ᠶᠢᠨ ᠲᠡᠭᠦᠪᠦᠷᠢ ᠵᠡᠷᠭᠡ ᠡᠯ᠎ᠡ ᠲᠥᠷᠥᠯ ᠤᠨ ᠳᠤᠷᠠᠰᠬᠠᠬᠤ ᠪᠠ ᠤᠯᠠᠮᠵᠢᠯᠠᠨ ᠵᠠᠯᠭᠠᠮᠵᠢᠯᠠᠬᠤ ᠥᠷᠲᠡᠭ ᠪᠦᠬᠦᠢ ᠪᠢᠴᠢᠭ ᠮᠠᠲ᠋ᠧᠷᠢᠶᠠᠯ ᠪᠠ ᠰᠣᠶᠣᠯ ᠲᠡᠦᠬᠡ ᠶᠢᠨ ᠮᠠᠲ᠋ᠧᠷᠢᠶᠠᠯ ᠵᠢᠴᠢ ᠡᠯ᠎ᠡ ᠲᠥᠷᠥᠯ ᠤᠨ ᠭᠡᠷᠡᠯ ᠵᠢᠷᠤᠭ᠂ ᠦᠨᠡᠮᠯᠡᠯ ᠢ ᠲᠤᠰ ᠲᠤᠰ ᠬᠠᠨᠳᠢᠪᠯᠠᠨ ᠬᠦᠷᠭᠡᠭᠰᠡᠨ ᠪᠥᠭᠡᠳ ᠬᠠᠨᠳᠢᠪᠯᠠᠭᠰᠠᠳ ᠲᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠤᠭᠰᠠᠨ ᠪᠠᠶᠢᠨ᠎ᠠ᠃
       ᠶᠣᠰᠣᠯᠠᠯ ᠤᠨ ᠳᠠᠷᠠᠭ᠎ᠠ ᠶᠠᠷᠢᠯᠴᠠᠬᠤ ᠬᠤᠷᠠᠯ ᠬᠤᠷᠠᠯᠳᠤᠵᠤ᠂ ᠬᠤᠷᠠᠯ ᠳᠤ ᠣᠷᠣᠯᠴᠠᠭᠰᠠᠳ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠠᠵᠢᠯ ᠤᠨ ᠲᠤᠬᠠᠶ ᠢᠳᠡᠪᠬᠢᠲᠡᠶ ᠪᠠᠷ ᠰᠠᠨᠠᠯ ᠰᠠᠨᠠᠭᠤᠯᠭ᠎ᠠ ᠳᠤᠷᠠᠳᠬᠤ ᠶᠢᠨ ᠬᠠᠮᠲᠤ ᠰᠠᠨᠠᠯ ᠪᠣᠳᠣᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠰᠢᠭᠤᠨ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠤ ᠬᠠᠷᠢᠭᠤᠴᠠᠯᠭᠠᠲᠠᠨ ᠠᠴᠠ ᠡᠳᠡᠭᠡᠷ ᠬᠤᠪᠣᠷ ᠨᠠᠨᠳᠢᠨ ᠮᠠᠲ᠋ᠧᠷᠢᠶᠠᠯ ᠢ ᠰᠠᠶᠢᠲᠤᠷ ᠬᠠᠳᠠᠭᠠᠯᠠᠨ ᠬᠠᠮᠢᠶᠠᠷᠴᠤ ᠠᠰᠢᠭᠯᠠᠨ ᠨᠡᠶᠢᠭᠡᠮ ᠤᠨ ᠡᠯ᠎ᠡ ᠡᠲᠡᠭᠡᠳ ᠢ ᠲᠠᠶᠢᠴᠢᠯᠠᠨ ᠳᠠᠩᠰᠠ ᠡᠪᠬᠡᠮᠡᠯ ᠤᠨ ᠮᠠᠲ᠋ᠧᠷᠢᠶᠠᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠳᠤ ᠢᠳᠡᠪᠬᠢᠲᠡᠶ ᠣᠷᠣᠯᠴᠠᠭᠤᠯᠵᠤ᠂ ᠲᠡᠦᠬᠡ ᠰᠣᠶᠣᠯ ᠤᠨ ᠤᠯᠠᠮᠵᠢᠯᠠᠯ ᠪᠠ ᠨᠡᠶᠢᠭᠡᠮ ᠤᠨ ᠬᠥᠭᠵᠢᠯᠲᠡ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠭᠡᠶᠢᠯᠡᠪᠡ᠃ ︵ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号