︽ᠠᠷᠤ ᠬᠤᠷᠴᠢᠨ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠲᠤᠬᠠᠶ ᠲᠠᠶᠢᠯᠤᠮᠵᠢ ︵ᠨᠢᠭᠡ︶
ᠨᠡᠶᠢᠲᠡᠯᠡᠭᠰᠡᠨ ᠴᠠᠭ᠄
2024/11/19
     ᠨᠢᠭᠡ᠂ ᠲᠣᠭᠲᠠᠭᠠᠭᠰᠠᠨ ᠦᠨᠳᠦᠰᠦᠯᠡᠯ      ᠠᠷᠤ ᠬᠤᠷᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠂ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠂             ︽ᠤᠯᠠᠭᠠᠨᠬᠠᠳᠠ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠵᠢᠴᠢ ︽ᠠᠷᠤ ᠬᠤᠷᠴᠢᠨ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ︾ ᠶᠢ ᠦᠨᠳᠦᠰᠦᠯᠡᠨ ᠲᠣᠰ ᠲᠥᠯᠥᠪᠵᠢᠭᠦᠯᠭᠡ ᠶᠢ ᠲᠣᠭᠲᠠᠭᠠᠪᠠ᠃      ᠬᠤᠶᠠᠷ᠂ ︽ᠲᠥᠯᠥᠪᠵᠢᠭᠦᠯᠭᠡ︾ ᠶᠢᠨ ᠭᠤᠣᠯ ᠠᠭᠤᠯᠭ᠎ᠠ      ︵ᠨᠢᠭᠡ︶ ᠨᠢᠭᠡᠳᠦᠭᠡᠷ ᠪᠦᠯᠦᠭ ᠨᠢ ᠬᠥᠭᠵᠢᠯᠲᠡ ᠶᠢᠨ ᠰᠠᠭᠤᠷᠢ ᠪᠤᠯᠤᠨ᠎ᠠ᠂ ᠭᠤᠤᠯᠳᠠᠭᠤ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠠᠬᠢ ᠠᠷᠤ ᠬᠤᠷᠴᠢᠨ ᠬᠤᠰᠢᠭᠤᠨ ᠤ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠶᠢᠨ ᠭᠤᠤᠯ ᠠᠮᠵᠢᠯᠲᠠ᠂ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠡᠭᠦᠷᠭᠡ᠂               ︽ᠲᠥᠯᠥᠪᠵᠢᠭᠦᠯᠭᠡ︾ ᠳᠤ ᠲᠣᠭᠲᠠᠭᠠᠭᠰᠠᠨ ᠵᠢᠯᠣᠭᠤᠳᠬᠤ ᠦᠵᠡᠯ ᠰᠠᠨᠠᠭ᠎ᠠ ᠪᠣᠯᠤᠨ ᠦᠨᠳᠦᠰᠦᠨ ᠵᠠᠷᠴᠢᠮ ᠵᠢᠴᠢ 2025 ᠣᠨ ᠤ ᠭᠤᠤᠯ ᠬᠠᠷᠠᠯᠲᠠ ᠪᠣᠯᠤᠨ 2035 ᠣᠨ ᠤ ᠠᠯᠤᠰ ᠤᠨ ᠬᠠᠷᠠᠯᠲᠠ ᠶᠢ ᠪᠠᠭᠲᠠᠭᠠᠨ᠎ᠠ᠃      ︵ᠬᠤᠶᠠᠷ︶ ᠬᠤᠶᠠᠳᠤᠭᠠᠷ ᠪᠦᠯᠦᠭ ᠤᠨ ᠭᠤᠣᠯ ᠠᠭᠤᠯᠭ᠎ᠠ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠳᠤᠮᠳᠠ ᠰᠢᠨ᠎ᠡ ᠬᠤᠪᠢ ᠨᠡᠮᠡᠷᠢ ᠦᠵᠡᠭᠦᠯᠦᠨ᠎ᠡ᠃ ᠡᠭᠦᠨ ᠳᠤ ᠭᠤᠣᠯᠳᠠᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠦᠨ ᠥᠷᠭᠡᠳᠬᠡᠬᠦ᠂ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ᠂ ᠵᠡᠮᠳᠡᠭᠴᠦᠳ ᠤᠨ ᠠᠰᠠᠷᠠᠮᠵᠢ ᠶᠢᠨ ᠲᠦᠷᠢᠮ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠠᠪᠤᠪᠠᠰᠤ ᠵᠣᠬᠢᠬᠤ ᠠᠷᠭ᠎ᠠ ᠬᠡᠮᠵᠢᠶ᠎ᠡ ᠪᠠ ᠪᠡᠶᠡᠯᠡᠭᠦᠯᠬᠦ ᠬᠠᠷᠠᠯᠲᠠ ᠶᠢ ᠪᠠᠭᠲᠠᠭᠠᠨ᠎ᠠ᠃    
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号