︽ᠠᠷᠠᠳ ᠤᠨ ᠲᠥᠯᠥᠭᠡᠯᠡᠭᠴᠢ + ᠰᠢᠭᠦᠬᠦ ᠬᠤᠷᠢᠶ᠎ᠠ︾ ᠨᠢ ᠣᠯᠠᠨ ᠲᠦᠮᠡᠨ ᠳᠤ ᠦᠢᠯᠡᠴᠢᠯᠡᠬᠦ ︽ᠰᠡᠳᠬᠢᠯ ᠤᠨ ᠬᠤᠯᠪᠣᠭᠠᠰᠤ ᠶᠢᠨ ᠬᠥᠭᠦᠷᠭᠡ︾ ᠶᠢ ᠪᠠᠶᠢᠭᠤᠯᠪᠡ
ᠨᠡᠶᠢᠲᠡᠯᠡᠭᠰᠡᠨ ᠴᠠᠭ᠄
2024/11/19
       ᠣᠶᠢᠷ᠎ᠠ ᠶᠢᠨ ᠡᠳᠦᠷ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠤᠯᠠᠮ ᠨᠢᠭᠡ ᠠᠯᠬᠤᠮ ᠰᠢᠨᠡᠴᠢᠯᠡᠨ ᠬᠥᠭᠵᠢᠭᠦᠯᠵᠦ᠂ ︽ᠵᠠᠭᠠᠯᠳᠤᠭᠴᠢ ᠪᠠᠶᠢᠭ᠎ᠠ ᠮᠡᠲᠦ︾ ᠪᠠᠷ ᠦᠢᠯᠡᠴᠢᠯᠡᠬᠦ ᠤᠬᠠᠮᠰᠠᠷ ᠢ ᠲᠠᠰᠤᠷᠠᠯᠲᠠ ᠥᠬᠡᠶ ᠭᠦᠡᠵᠡᠭᠡᠶᠢᠷᠡᠭᠦᠯᠤᠨ᠂ ᠵᠥᠷᠢᠴᠡᠯ ᠵᠢᠭᠤᠷᠠᠯᠳᠤᠭᠠᠨ ᠢ ᠡᠬᠢᠨ ᠳᠤ ᠨᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠬᠤᠰᠢᠭᠤᠨ ᠠᠷᠠᠳ ᠤᠨ ᠲᠥᠯᠥᠭᠡᠯᠡᠭᠴᠢ ᠣᠨᠴᠠ ᠤᠷᠢᠭᠰᠠᠨ ᠡᠶᠡᠳᠡᠭᠦᠯᠦᠭᠴᠢ ᠶᠢᠨ ᠬᠤᠪᠢ ᠪᠠᠷ ᠠᠷᠠᠳ ᠤᠨ ᠰᠢᠭᠦᠬᠦ ᠬᠤᠷᠢᠶ᠎ᠠ ᠳᠤ ᠬᠦᠷᠴᠦ ᠬᠠᠮᠢᠶ᠎ᠠ ᠪᠦᠬᠦᠢ ᠡᠶᠡᠳᠡᠭᠦᠯᠭᠡ ᠶᠢᠨ ᠠᠵᠢᠯᠯᠠᠭ᠎ᠠ ᠳᠤ ᠣᠷᠣᠯᠴᠠᠵᠠᠶ᠃
       ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠠᠨᠠᠯ ᠢᠶᠠᠨ ᠭᠦᠨᠵᠡᠭᠡᠶ ᠰᠣᠯᠢᠯᠴᠠᠨ ᠶᠠᠷᠢᠯᠴᠠᠵᠤ᠂ ᠬᠤᠰᠢᠭᠤᠨ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠵᠦ ᠰᠢᠤᠢ ᠭᠤᠸᠠᠩ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 12 ᠣᠨᠴᠠ ᠤᠷᠢᠭᠰᠠᠨ ᠡᠶᠡᠳᠡᠭᠦᠯᠦᠭᠴᠢ ᠳᠤ ᠤᠷᠢᠵᠤ ᠬᠡᠷᠡᠭᠯᠡᠬᠦ ᠦᠨᠡᠮᠯᠡᠯ ᠣᠯᠭᠤᠨ᠂ ︽ᠠᠷᠠᠳ ᠤᠨ ᠲᠥᠯᠥᠭᠡᠯᠡᠭᠴᠢ + ᠰᠢᠭᠦᠬᠦ ᠬᠤᠷᠢᠶ᠎ᠠ︾ ᠨᠢ ᠡᠶᠡᠳᠡᠭᠦᠯᠭᠡ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠳᠤ ᠰᠢᠨ᠎ᠡ ᠦᠵᠡᠯ ᠰᠠᠨᠠᠭ᠎ᠠ ᠪᠠ ᠰᠢᠨ᠎ᠡ ᠠᠮᠢᠵᠢᠷᠠᠯ ᠤᠨ ᠬᠦᠴᠦᠨ ᠣᠯᠭᠤᠪᠠ᠃
       ᠬᠤᠷᠠᠯ ᠤᠨ ᠳᠠᠷᠠᠭ᠎ᠠ᠂ ᠠᠷᠠᠳ ᠤᠨ ᠲᠥᠯᠥᠭᠡᠯᠡᠭᠴᠢ ᠰᠢᠭᠦᠭᠴᠢ ᠲᠠᠢ ᠬᠠᠮᠲᠤ ᠪᠠᠷ ᠡᠶᠡᠳᠡᠭᠦᠯᠬᠦ ᠲᠠᠰᠤᠭ ᠲᠤ ᠣᠴᠢᠵᠤ᠂ ᠵᠢᠭᠤᠷᠠᠯᠳᠤᠭᠠᠨ ᠲᠠᠢ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠳᠤ ᠡᠶᠡᠳᠡᠭᠦᠯᠭᠡ ᠬᠢᠪᠡ᠃ ᠡᠶᠡᠳᠡᠭᠦᠯᠬᠦ ᠶᠠᠪᠤᠴᠠ ᠳᠤ᠂ ᠠᠷᠠᠳ ᠤᠨ ᠲᠥᠯᠥᠭᠡᠯᠡᠭᠴᠢ ᠪᠠ ᠰᠢᠭᠦᠭᠴᠢ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠦᠨ᠂ ᠵᠢᠭᠤᠷᠠᠯᠳᠤᠭᠠᠨ ᠲᠠᠢ ᠬᠤᠶᠠᠷ ᠲᠠᠯ᠎ᠠ ᠶᠢᠨ ᠬᠦᠰᠡᠯ ᠱᠠᠭᠠᠷᠳᠠᠯᠭ᠎ᠠ ᠶᠢ ᠬᠦᠯᠢᠴᠡᠩᠭᠦᠶ ᠪᠠᠷ ᠰᠣᠨᠣᠰᠴᠤ᠂ ᠬᠤᠶᠠᠷ ᠲᠠᠯ᠎ᠠ ᠶᠢᠨ ᠰᠠᠨᠠᠯ ᠢ ᠢᠳᠡᠪᠬᠢᠲᠡᠶ ᠵᠣᠬᠢᠴᠠᠭᠤᠯᠤᠨ ᠰᠢᠢᠳᠪᠦᠷᠢᠯᠡᠬᠦ ᠲᠥᠰᠦᠯ ᠢ ᠬᠠᠮᠲᠤᠪᠠᠷ ᠴᠢᠷᠮᠠᠶᠢᠨ ᠡᠷᠢᠯᠬᠢᠯᠡᠪᠡ᠃
       ︽ᠠᠷᠠᠳ ᠤᠨ ᠲᠥᠯᠥᠭᠡᠯᠡᠭᠴᠢ + ᠰᠢᠭᠦᠬᠦ ᠬᠤᠷᠢᠶ᠎ᠠ︾ ᠬᠡᠯᠪᠡᠷᠢ ᠶᠢᠨ ᠡᠶᠡᠳᠡᠭᠦᠯᠭᠡ ᠨᠢ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠬᠠᠤᠯᠢ ᠪᠠᠷ ᠵᠠᠰᠠᠬᠤ ᠬᠦᠴᠦᠲᠡᠶ ᠪᠠᠲᠤᠯᠠᠭ᠎ᠠ ᠬᠠᠩᠭᠠᠵᠤ᠂ ᠠᠷᠠᠳ ᠣᠯᠠᠨ ᠤ ᠠᠰᠠᠭᠤᠳᠠᠯ ᠢ ᠰᠢᠢᠳᠪᠦᠷᠢᠯᠡᠬᠦ ᠶᠢᠨ ᠵᠡᠷᠭᠡᠴᠡᠪᠡᠷ ᠲᠡᠳᠡᠨ ᠳᠤ ᠨᠡᠶᠢᠭᠡᠮ ᠤᠨ ᠬᠠᠯᠠᠭᠤᠨ ᠳᠤᠯᠠᠭᠠᠨ ᠢ ᠮᠡᠳᠡᠷᠡᠭᠦᠯᠵᠦ᠂ ᠬᠠᠤᠯᠢ ᠴᠠᠭᠠᠵᠠ ᠶᠢᠨ ᠲᠥᠪ ᠴᠢᠩᠭ᠎ᠠ ᠴᠢᠨᠠᠷ᠂ ᠲᠥᠪ ᠭᠤᠤᠯᠴᠢ ᠴᠢᠨᠠᠷ ᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠬᠥᠮᠦᠯᠢᠭ ᠬᠠᠯᠠᠮᠵᠢᠯᠠᠯ ᠢ ᠴᠤ ᠢᠯᠡᠷᠡᠭᠦᠯᠵᠡᠶ᠃ ︵ᠵᠣᠤ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号