ᠴᠧᠨ ᠬᠤ᠋ ᠨᠠᠨ ᠡᠯᠡᠰᠦᠷᠬᠡᠭᠵᠢᠯ ᠢ ᠰᠡᠷᠭᠡᠶᠢᠯᠡᠵᠤ ᠡᠯᠡᠰᠦᠷᠬᠡᠭᠵᠢᠯ ᠢ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/19
       ᠣᠶᠢᠷ᠎ᠠ ᠶᠢᠨ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠠᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠭᠦᠸᠧ ᠳ᠋ᠦᠩ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠲᠣᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠯᠢ ᠭᠦᠸᠧ ᠯᠢᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
       ᠴᠧᠨ ᠬᠤ᠋ ᠨᠠᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭ᠎ᠠ᠂ ᠡᠯᠡᠰᠦᠷᠬᠡᠭᠵᠢᠯ ᠢ ᠰᠡᠷᠭᠡᠶᠢᠯᠡᠵᠤ ᠡᠯᠡᠰᠦᠷᠬᠡᠭᠵᠢᠯ ᠢ ᠵᠠᠰᠠᠬᠤ ᠪᠠ ᠰᠠᠯᠬᠢ ᠴᠠᠬᠢᠯᠭᠠᠨ ᠭᠡᠷᠡᠯ ᠢᠯᠴᠢ ᠶᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠡᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠷᠬᠠᠯᠲᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠵᠠᠭᠪᠤᠷ᠂ ᠢᠨᠵᠧᠨᠧᠷᠢᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠵᠡᠷᠭᠡ ᠪᠠᠶᠢᠳᠠᠯ ᠵᠢᠴᠢ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠭᠦᠨᠵᠡᠭᠡᠶ ᠵᠠᠳᠠᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠳᠤᠷᠠᠳᠴᠠᠶ᠃
       ᠳᠠᠷᠠᠭ᠎ᠠ ᠨᠢ ᠠᠬᠢᠭᠤᠯᠬᠤ ᠬᠤᠷᠠᠯ ᠬᠤᠷᠠᠯᠳᠤᠵᠤ᠂ ᠴᠧᠨ ᠬᠤ᠋ ᠨᠠᠨ ᠴᠢᠬᠤᠯᠠᠴᠢᠯᠠᠬᠤ ᠳᠤ ᠪᠠᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠲᠠᠶᠢᠯᠠᠯᠳᠣᠭᠠᠨ ᠪᠣᠯ ᠶᠡᠷᠦᠩᠬᠡᠶ ᠰᠱᠦ᠋ᠵᠢ ᠰᠢ ᠶᠢᠨ ᠫᠢᠩ ᠪᠠᠶ᠎ᠡ ᠪᠠᠷ ᠢᠶᠠᠨ ᠲᠥᠰᠦᠪᠯᠡᠨ ᠪᠠᠶᠢᠷᠢᠯᠠᠭᠤᠯᠣᠡᠡᠰᠡᠨ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠤᠨ᠎ᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠪᠠ ᠰᠠᠯᠬᠢ ᠴᠠᠬᠢᠯᠭᠠᠨ ᠭᠡᠷᠡᠯ ᠢᠯᠴᠢ ᠶᠢ ᠨᠢᠭᠡ ᠴᠣᠭᠴᠠᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠴᠢᠬᠤᠯᠠ ᠠᠷᠭ᠎ᠠ ᠬᠡᠮᠵᠢᠶ᠎ᠡ ᠶᠤᠮ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ᠂ ᠪᠡᠯᠡ ᠣᠷᠣᠭᠤᠯᠤᠯᠲᠠ ᠪᠠᠨ ᠪᠡᠶᠡᠯᠡᠭᠦᠯᠦᠭᠰᠡᠨ ᠨᠣᠷᠮ᠎ᠠ᠂ ᠪᠡᠯᠡ ᠮᠥᠩᠭᠦ ᠶᠢᠨ ᠬᠡᠷᠡᠭᠯᠡᠯᠲᠡ ᠶᠢᠨ ᠨᠣᠷᠮ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭ᠎ᠠ ᠪᠠ ︽ᠨᠢᠭᠡ  ᠴᠣᠭᠴᠠᠵᠢᠭᠤᠯᠤᠭᠰᠠᠨ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠨ ᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠢ ᠶᠡᠭᠡ᠂ ᠳᠠᠷᠬᠠᠯᠲᠠ ᠥᠷᠭᠡᠨ᠂ ᠵᠠᠰᠠᠯᠲᠠ ᠬᠦᠴᠢᠷᠲᠡᠶ ᠪᠣᠳᠠᠲᠤ ᠪᠠᠶᠢᠳᠠᠯ ᠳᠤ ᠰᠠᠭᠤᠷᠢᠯᠠᠨ᠂ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠣᠨ ᠵᠣᠬᠢᠶᠠᠵᠤ᠂ ᠵᠠᠰᠠᠯᠲᠠ ᠶᠢᠨ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠨᠠᠶᠢᠳᠠᠪᠤᠷᠢᠵᠢᠭᠤᠯᠵᠤ ᠳᠠᠷᠠᠭᠠᠴᠢ ᠶᠢᠨ ᠠᠯᠬᠤᠮ ᠤᠨ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠲᠠᠶᠢᠯᠠᠯᠳᠣᠭᠠᠨ ᠤ ᠲᠠᠰᠤᠷᠠᠯᠲᠠ ᠥᠬᠡᠶ ᠰᠢᠨ᠎ᠡ ᠠᠬᠢᠴᠠ ᠲᠠᠢ ᠪᠣᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠭᠠᠵᠠᠷ ᠬᠡᠰᠡᠭ ᠢ ᠨᠠᠶᠢᠳᠠᠪᠤᠷᠢᠵᠢᠭᠤᠯᠬᠤ ᠠᠵᠢᠯᠯᠠᠭᠠᠨ ᠤ ᠵᠢᠷᠤᠭ ᠲᠥᠯᠥᠪᠯᠡᠭᠡ ᠬᠢᠬᠦ᠂ ᠲᠥᠷᠥᠯ ᠵᠦᠢᠯ ᠤᠨ ᠪᠠᠷᠢᠯᠭ᠎ᠠ ᠪᠠᠷᠢᠬᠤ᠂ ᠨᠠᠶᠢᠳᠠᠪᠤᠷᠢᠵᠢᠭᠤᠯᠬᠤ ᠵᠢᠷᠤᠭ ᠲᠥᠰᠦᠪ ᠵᠢᠷᠤᠬᠤ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠬᠢᠨᠠᠨ ᠰᠢᠯᠭᠠᠵᠤ ᠠᠪᠬᠤ ᠵᠡᠷᠭᠡ ᠪᠥᠬᠦ ᠶᠠᠪᠤᠴᠠ᠂ ᠡᠯ᠎ᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠥᠨᠳᠥᠷ ᠪᠠᠷᠢᠮᠵᠢᠶᠠᠲᠤ ᠠᠮᠢ ᠠᠬᠤᠶ ᠶᠢᠨ ᠢᠨᠵᠧᠨᠧᠷᠢᠩ᠂ ᠠᠷᠠᠳ ᠢ ᠪᠠᠶᠠᠵᠢᠭᠤᠯᠬᠤ ᠢᠨᠵᠧᠨᠧᠷᠢᠩ ᠪᠣᠯᠭᠠᠨ  ᠪᠠᠶᠢᠭᠤᠯᠬᠤ ᠬᠡᠷᠡᠭᠲᠡᠶ᠃ ᠵᠠᠰᠠᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ︽ᠬᠡᠨ ᠵᠠᠰᠠᠪᠠᠯ ᠬᠡᠨ ᠠᠰᠢᠭ ᠬᠦᠷᠳᠡᠬᠦ︾ ᠠᠵᠢᠯ ᠤᠨ ᠰᠡᠳᠬᠢᠴᠡ ᠪᠠᠷ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾᠂ ︽ᠤᠷᠢᠳᠠᠪᠠᠷ ᠪᠠᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠵᠡᠷᠭᠡ ᠵᠠᠭᠪᠤᠷ ᠢᠶᠠᠷ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠡᠯᠡᠰᠦᠷᠬᠡᠭᠵᠢᠭᠰᠡᠨ ᠭᠠᠵᠠᠷ ᠢ ᠵᠠᠰᠠᠬᠤ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠳᠤ ᠣᠷᠣᠯᠴᠠᠭᠤᠯᠵᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠶ᠃ ᠬᠤᠰᠢᠭᠤᠨ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠪᠣᠯᠤᠨ ᠰᠠᠶᠢᠬᠠᠡᠳᠠᠯ᠎ᠠ ᠰᠤᠮᠤ ᠶᠢᠨ ᠭᠤᠤᠯ  ᠬᠠᠷᠢᠭᠤᠴᠠᠯᠭᠠᠲᠠᠨ  ᠨᠥᠬᠦᠳ  ᠪᠠᠶᠢᠴᠠᠭᠠᠨ  ᠰᠤᠳᠤᠯᠤᠯᠲᠠ  ᠳᠤ  ᠣᠷᠣᠯᠴᠠᠪᠠ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号