ᠣᠶᠢᠷ᠎ᠠ ᠳᠤ᠂ ᠳᠤᠮᠳᠠᠲᠤ ᠤᠯᠤᠰ ᠤᠨ ᠵᠦᠩ ᠬᠤᠸᠠ ᠪᠦᠯᠤᠭ᠍ᠯᠡᠯ ᠤᠨ ︽ᠬᠦᠰᠡᠯ ᠵᠡᠭᠦᠳᠦ ᠪᠠᠨ | ᠲᠡᠷᠭᠡᠯᠰᠢᠭᠦᠯᠬᠦ ᠠᠵᠢᠯᠯᠠᠭ᠎ᠠ︾ ᠪᠣᠯᠣᠨ ᠬᠡᠤᠬᠡᠳ ᠪᠠᠭᠠᠴᠤᠳ ᠤᠨ ᠰᠠᠭᠤᠷᠢ ᠮᠦᠩᠭᠦᠨ ᠤ ᠨᠡᠶᠢᠭᠡᠮᠯᠢᠭ ᠤᠨ | ︽ᠬᠠᠪᠤᠷ ᠤᠨ ᠴᠣᠮᠤᠷᠯᠢᠭ ᠲᠦᠯᠤᠪᠯᠡᠭᠡ︾ ᠶᠢᠨ ᠰᠤᠷᠣᠯᠭ᠎ᠠ ᠶᠢᠨ ᠲᠡᠳᠭᠦᠮᠵᠢ ᠶᠢᠨ ᠮᠦᠩᠬᠦ ᠲᠠᠷᠬᠠᠭᠠᠬᠤ ᠶᠣᠰᠣᠯᠠᠯ | ᠠᠷᠤ ᠬᠤᠷᠴᠢᠨ ᠬᠤᠰᠢᠭᠤᠨ ᠤ ᠴᠢᠪᠠᠭ᠎ᠠ ᠲᠠᠪᠤᠳᠤᠭᠠᠷ ᠲᠣᠮᠳᠠᠲᠤ ᠰᠤᠷᠭᠠᠭᠤᠯᠢ ᠳᠤ ᠶᠠᠪᠤᠭᠳᠠᠪᠠ᠃ ᠬᠤᠰᠢᠭᠤᠨ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠠᠷᠠᠳ ᠤᠨ ᠵᠠᠰᠠᠭ ᠤᠨ ᠣᠷᠳᠤᠨ ᠤ ᠳᠡᠳ᠋ | ᠳᠠᠷᠤᠭ᠎ᠠ ᠸᠠᠩ ᠶᠤᠸᠠᠨ ᠪᠢᠨ ᠪᠣᠯᠣᠨ ᠬᠤᠰᠢᠭᠤᠨ ᠰᠤᠷᠭᠠᠨ ᠬᠦᠮᠤᠵᠢᠯ ᠤᠨ ᠲᠣᠪᠴᠢᠶ᠎ᠠ᠂ ᠬᠤᠰᠢᠭᠤᠨ ᠰᠢᠭᠤᠳ | ᠬᠠᠷᠢᠶ᠎ᠠ ᠳᠤᠮᠳᠠᠲᠤ ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ᠂ ᠳᠤᠮᠳᠠᠲᠤ ᠪᠠᠭ᠎ᠠ ᠰᠤᠷᠭᠠᠭᠤᠯᠢ ᠶᠢᠨ | ᠰᠤᠷᠤᠭᠴᠢ ᠶᠢᠨ ᠲᠦᠯᠥᠭᠡᠯᠡᠭᠴᠢ ᠶᠣᠰᠤᠯᠠᠯ ᠳᠤ ᠣᠷᠣᠯᠴᠠᠵᠠᠢ᠃ | | | | ᠶᠣᠰᠣᠯᠠᠯ ᠳᠡᠭᠡᠷ᠎ᠡ᠂ ᠬᠤᠰᠢᠭᠤᠨ ᠰᠤᠷᠭᠠᠨ ᠬᠥᠮᠤᠵᠢᠯ ᠤᠨ ᠲᠣᠪᠴᠢᠶ᠎ᠡ ᠶᠢᠨ ᠲᠣᠰᠠᠯᠡᠮᠵᠢ ᠶᠢᠨ ᠲᠦᠪ | ᠠᠴᠠ ᠳᠤᠮᠳᠠᠲᠤ ᠤᠯᠤᠰ ᠤᠨ ᠵᠦᠩ ᠬᠤᠸᠠ ᠪᠦᠯᠥᠭᠯᠡᠯ ᠤᠨ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ︾ | ᠶᠢᠨ ᠰᠤᠷᠣᠯᠭ᠎ᠠ ᠶᠢᠨ ᠲᠡᠣᠡᠭᠦᠮᠵᠢ ᠶᠢᠨ ᠲᠦᠷᠤᠯ ᠵᠦᠢᠯ ᠤᠨ ᠪᠠᠶᠢᠳᠠᠯ ᠢ ᠲᠠᠨᠢᠯᠴᠠᠭᠤᠯᠤᠨ᠂ ᠬᠤᠰᠢᠭᠤᠨ | ᠡᠮᠡᠭᠳᠠᠶᠢᠴᠤᠳ ᠤᠨ ᠬᠤᠯᠪᠣᠭᠠᠲᠤ ᠬᠤᠷᠠᠯ ᠠᠴᠠ ︽ᠬᠠᠪᠤᠷ ᠤᠨ ᠴᠣᠮᠤᠷᠯᠢᠭ ᠲᠦᠯᠤᠪᠯᠡᠭᠡ︾ ᠶᠢᠨ ᠰᠣᠷᠣᠯᠭ᠎ᠠ ᠶᠢᠨ | ᠲᠡᠳᠭᠦᠮᠵᠢ ᠶᠢᠨ ᠲᠦᠷᠤᠯ ᠵᠦᠢᠯ ᠤᠨ ᠠᠵᠢᠯᠯᠠᠭ᠎ᠠ ᠶᠢᠨ ᠪᠠᠶᠢᠳᠠᠯ ᠢ ᠲᠠᠨᠢᠯᠴᠠᠭᠤᠯᠵᠤ᠂ ᠬᠠᠨᠲᠢᠪ ᠡᠷᠭᠦᠭᠰᠡᠨ | ᠢᠯᠡᠷᠭᠡᠶᠢᠯᠡᠯ ᠣᠯᠭᠤᠬᠤ ᠶᠣᠰᠣᠯᠠᠯ ᠶᠠᠪᠤᠭᠤᠯᠬᠤ ᠶᠢᠨ ᠬᠠᠮᠲᠤ᠂ ᠲᠣᠰᠠᠯᠠᠮᠵᠢ ᠬᠦᠷᠳᠡᠭᠰᠠᠨ ᠰᠤᠷᠣᠭᠴᠢᠳ ᠤᠨ | ᠲᠦᠯᠥᠭᠡᠯᠡᠭᠴᠢ ᠠᠴᠠ ᠵᠣᠷᠢᠭ ᠢᠶᠠᠨ ᠢᠯᠡᠭᠡᠬᠦ ᠦᠭᠡ ᠬᠡᠯᠡᠵᠦ᠂ ᠲᠤᠮᠳᠠᠲᠤ ᠤᠯᠤᠰ ᠤᠨ ᠵᠦᠩ ᠬᠤᠸᠠ ᠪᠦᠯᠤᠭ᠍ᠯᠡᠯ | ᠵᠢᠴᠢ ᠲᠣᠰ ᠪᠦᠯᠦᠭᠯᠡᠯ ᠤᠨ ᠬᠠᠶᠢᠷ᠎ᠠ ᠬᠠᠯᠠᠮᠵᠢ ᠡᠷᠭᠦᠭᠰᠡᠨ ᠠᠵᠢᠯᠲᠠᠳ ᠲᠤ ᠭᠦᠨ ᠲᠠᠯᠠᠷᠬᠠᠯ ᠢᠶᠠᠨ ᠳᠠᠪᠰᠢᠭᠦᠯᠵᠡᠢ᠃ | | | | | ᠸᠠᠩ ᠶᠤᠸᠠᠨ ᠪᠢᠨ᠂ ᠲᠣᠰᠠᠯᠡᠮᠵᠢ ᠬᠦᠷᠳᠡᠭᠰᠡᠨ ᠰᠤᠷᠤᠭᠴᠢᠳ ᠭᠡᠵᠢᠶᠡᠳᠡ ᠪᠡᠶᠡᠷᠯᠠᠨ ᠲᠠᠯᠠᠷᠬᠠᠬᠤ | ᠰᠡᠳᠭᠢᠯᠭᠡ ᠡᠪᠦᠷᠯᠡᠨ ᠴᠢᠷᠮᠡᠶᠢᠨ ᠰᠤᠷᠤᠯᠴᠠᠵᠤ᠂ ᠰᠢᠯᠢᠳᠡᠭ ᠰᠠᠶᠢᠨ ᠬᠢᠷᠢ ᠪᠦᠲᠣᠮᠵᠢ ᠪᠠᠷ ᠢᠶᠠᠨ ᠬᠠᠶᠢᠷ᠎ᠠ ᠬᠠᠯᠠᠮᠵᠢ | ᠬᠦᠷᠭᠡᠭᠰᠡᠨ ᠬᠦᠮᠤᠰ ᠲᠤ ᠬᠠᠷᠢᠭᠤ ᠪᠠᠯᠡᠭ ᠪᠠᠷᠢᠬᠤ ᠶᠢ ᠬᠦᠰᠡᠬᠦ ᠶᠢᠨ ᠬᠠᠮᠲᠤ᠂ ᠰᠤᠷᠣᠭᠴᠢᠳ ᠢ ᠰᠤᠷᠤᠯᠴᠠᠬᠤ | ᠬᠠᠷᠠᠯᠲᠠ ᠪᠠᠨ ᠲᠤᠳᠤᠷᠬᠠᠢ ᠪᠣᠯᠭᠠᠨ᠂ ᠰᠤᠷᠤᠯᠴᠠᠯᠭ᠎ᠠ ᠶᠢᠨ ᠰᠠᠶᠢᠨ ᠰᠠᠶᠢᠬᠠᠨ ᠳᠠᠳᠬᠠᠯ ᠢ ᠪᠣᠢ ᠪᠣᠯᠭᠠᠵᠤ᠂ ᠬᠦᠴᠢᠷ | ᠪᠠᠷᠬᠡᠰᠢᠶᠠᠯ ᠢ ᠢᠯᠠᠨ ᠳᠡᠪᠡᠵᠤ᠂ ᠥᠪᠡᠷ ᠤᠨ ᠴᠢᠷᠮᠡᠶᠢᠯᠲᠠ ᠪᠠᠷ ᠢᠶᠠᠨ ᠬᠤᠪᠢ ᠵᠠᠶᠠᠭ᠎ᠠ ᠪᠠᠨ ᠦᠭᠡᠷᠡᠴᠢᠯᠡᠬᠦ ᠶᠢ | ᠵᠣᠷᠢᠭᠵᠢᠭᠤᠯᠵᠤ᠂ ᠡᠯ᠎ᠡ ᠰᠤᠷᠭᠠᠭᠤᠯᠢ ᠶᠢᠨ ᠬᠢᠨ ᠢ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠤᠨ | ᠪᠠᠶᠢᠳᠠᠯ ᠢ ᠨᠡᠩ ᠢᠯᠡᠭᠦᠦ ᠠᠩᠬᠠᠷᠴᠤ᠂ ᠲᠡᠳᠡᠨ ᠤ ᠰᠤᠷᠤᠯᠭ᠎ᠠ ᠪᠠ ᠦᠰᠤᠨ ᠪᠣᠶᠢᠵᠢᠯᠲᠡ ᠳᠤ ᠲᠣᠰᠡᠯᠡᠮᠵᠢ | ᠦᠵᠡᠭᠦᠯᠭᠦ ᠬᠡᠷᠡᠭᠲᠡᠢ ᠭᠡᠵᠡᠢ᠃ | | | | ᠣᠶᠢᠯᠠᠭᠠᠭᠰᠠᠨ ᠢᠶᠠᠷ᠂ ᠳᠤᠮᠳᠠᠲᠤ ᠤᠯᠤᠰ ᠤᠨ ᠵᠦᠩ ᠬᠤᠸᠠ ᠪᠦᠯᠤᠭ᠍ᠯᠡᠯ ᠨᠢ 2014 ᠣᠨ ᠠᠴᠠ ᠠᠷᠤ | ᠬᠤᠷᠴᠢᠨ ᠬᠤᠰᠢᠭᠤᠨ ᠳᠤ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ︾ ᠶᠢᠨ ᠰᠤᠷᠤᠯᠭ᠎ᠠ ᠶᠢᠨ | ᠲᠡᠣᠡᠭᠦᠮᠵᠢ ᠶᠢᠨ ᠲᠦᠷᠤᠯ ᠵᠦᠢᠯ ᠢ ᠡᠬᠢᠯᠡᠭᠦᠯᠵᠦ᠂ ᠲᠣᠰ ᠲᠦᠷᠤᠯ ᠵᠦᠢᠯ ᠢ ᠳᠤᠮᠳᠠᠲᠤ ᠤᠯᠤᠰ ᠤᠨ ᠵᠦᠩ ᠬᠤᠸᠠ | ᠪᠦᠯᠥᠭᠯᠡᠯ ᠤᠨ ᠬᠠᠷᠢᠶᠠᠨ ᠳᠠᠬᠢ ᠪᠡᠭᠡᠵᠢᠩ ᠤᠨ ᠰᠢᠨ ᠨᠥᠸᠧ ᠨᠡᠶᠢᠳᠠ ᠶᠢᠨ ᠠᠰᠠᠷᠠᠮᠵᠢ ᠶᠢᠨ ᠰᠠᠭᠤᠷᠢ ᠮᠦᠩᠭᠦᠨ ᠤ | ᠨᠡᠶᠢᠭᠡᠮᠯᠢᠭ ᠵᠣᠬᠢᠶᠠᠨ ᠪᠠᠶᠢᠭᠤᠯᠵᠤ᠂ ᠲᠣᠰᠠᠯᠠᠮᠵᠢ ᠶᠢᠨ ᠪᠡᠯᠡ ᠮᠥᠩᠬᠦ ᠨᠢ ᠴᠥᠮ ᠳᠤᠮᠳᠠᠲᠤ ᠤᠯᠤᠰ ᠤᠨ ᠵᠦᠩ | ᠬᠤᠸᠠ ᠪᠦᠯᠥᠭᠯᠡᠯ ᠤᠨ ᠠᠵᠢᠯᠳᠠᠨ ᠨᠠᠷ ᠤᠨ ᠬᠤᠪᠢ ᠬᠥᠮᠤᠨ ᠤ ᠬᠠᠨᠲᠢᠪᠯᠠᠯ ᠪᠣᠯᠬᠤ ᠶᠤᠮ᠃ ᠦᠨᠤ ᠵᠢᠯ ᠳᠤᠮᠳᠠᠲᠤ | ᠤᠯᠤᠰ ᠤᠨ ᠵᠦᠩ ᠬᠤᠸᠠ ᠪᠣᠯᠤᠨ ᠳᠤᠮᠳᠠᠲᠤ ᠤᠯᠤᠰ ᠤᠨ ᠬᠡᠤᠬᠡᠳ ᠪᠠᠭᠠᠴᠤᠳ ᠤᠨ ᠰᠠᠭᠤᠷᠢ ᠮᠦᠩᠭᠦᠨ ᠤ | ᠨᠡᠶᠢᠭᠡᠮᠯᠢᠭ ᠬᠠᠮᠳᠤᠷᠠᠯᠴᠠᠭ᠎ᠠ ᠪᠠᠶᠢᠭᠤᠯᠵᠤ᠂ ︽ᠬᠦᠰᠡᠯ ᠵᠡᠭᠦᠳᠣ ᠪᠠᠨ ᠲᠡᠷᠭᠡᠯᠰᠢᠭᠦᠯᠬᠦ ᠠᠵᠢᠯᠯᠠᠭ᠎ᠠ︾ ᠶᠢᠨ | ᠰᠤᠷᠤᠯᠭ᠎ᠠ ᠶᠢᠨ ᠲᠡᠳᠭᠦᠮᠵᠢ ᠶᠢᠨ ᠮᠦᠩᠬᠦ ᠳᠤ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ — | ᠬᠠᠪᠤᠷ ᠤᠨ ᠴᠣᠮᠤᠷᠯᠢᠭ ᠲᠦᠯᠤᠪᠯᠡᠭᠡ︾ ᠶᠢᠨ ᠰᠣᠷᠤᠯᠭ᠎ᠠ ᠶᠢᠨ ᠲᠡᠳᠭᠦᠮᠵᠢ ᠶᠢᠨ ᠮᠦᠩᠬᠦ ᠶᠢ | ᠲᠣᠬᠢᠷᠠᠭᠤᠯᠤᠭᠰᠠᠨ ᠠᠴᠠ ᠬᠡᠣᠬᠡᠳ ᠪᠠᠭᠠᠴᠤᠳ ᠤᠨ ᠰᠠᠭᠤᠷᠢ ᠮᠦᠩᠭᠦᠨ ᠤ ᠨᠡᠶᠢᠭᠡᠮᠯᠢᠭ ᠨᠢ ᠪᠠᠰᠠ ᠮᠠᠨ ᠤ | ᠬᠤᠰᠢᠭᠤᠨ ᠳᠤ 20 ᠲᠦᠮᠡᠨ ᠲᠦᠭᠦᠷᠢᠭ ᠤᠨ ︽ᠬᠠᠪᠤᠷ ᠤᠨ ᠴᠣᠮᠤᠷᠯᠢᠭ ᠲᠦᠯᠤᠪᠯᠡᠭᠡ︾ ᠶᠢᠨ ᠰᠣᠷᠤᠯᠭ᠎ᠠ ᠶᠢᠨ | ᠲᠡᠳᠭᠦᠮᠵᠢ ᠶᠢᠨ ᠮᠦᠩᠬᠦ ᠬᠠᠨᠳᠢᠪᠯᠬᠠᠰᠡᠨ ᠪᠠᠶᠢᠨ᠎ᠠ᠃ | | | | ᠣᠳᠣ ᠪᠣᠯᠳᠠᠯ᠎ᠠ᠂ ︽ᠬᠦᠰᠡᠯ ᠵᠡᠭᠦᠳᠣ ᠪᠠᠨ ᠲᠡᠷᠭᠡᠯᠰᠢᠭᠦᠯᠬᠦ ᠠᠵᠢᠯᠯᠠᠭ᠎ᠠ︾ ᠨᠢ ᠨᠡᠶᠢᠳᠡ 648.13 | ᠲᠦᠮᠡᠨ ᠲᠦᠭᠦᠷᠢᠭ ᠬᠠᠨᠲᠢᠪᠯᠠᠵᠤ᠂ 5508 ᠬᠦᠮᠤᠨ ᠤᠳᠠᠭ᠎ᠠ ᠶᠢᠨ ᠰᠣᠷᠣᠭᠴᠢ ᠲᠤᠰᠠᠯᠡᠮᠵᠢ ᠬᠦᠷᠳᠡᠪᠡ᠃ | 2024 ᠣᠨ ᠳᠤ᠂ ᠳᠤᠮᠳᠠᠲᠤ ᠤᠯᠤᠰ ᠤᠨ ᠵᠦᠩ ᠬᠤᠸᠠ ᠪᠦᠯᠣᠭ᠍ᠯᠡᠯ ᠠᠴᠠ ᠮᠠᠨ ᠤ ᠬᠤᠰᠢᠭᠤᠨ ᠳᠤ ︽ᠬᠦᠰᠡᠯ | ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ︾ ᠶᠢᠨ ᠰᠣᠷᠣᠯᠭ᠎ᠠ ᠶᠢᠨ ᠲᠡᠳᠭᠦᠮᠵᠢ ᠮᠦᠩᠬᠦ 47.56 ᠲᠦᠮᠡᠨ | ᠲᠥᠭᠦᠷᠢᠭ᠂ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ — ᠬᠠᠪᠤᠷ ᠤᠨ ᠴᠣᠮᠤᠷᠯᠢᠭ ᠲᠦᠯᠤᠪᠯᠡᠭᠡ︾ | ᠶᠢᠨ ᠰᠣᠷᠣᠯᠭ᠎ᠠ ᠶᠢᠨ ᠲᠡᠳᠭᠦᠮᠵᠢ ᠶᠢᠨ ᠮᠦᠩᠬᠦ 44.44 ᠲᠦᠮᠡᠨ ᠲᠦᠭᠦᠷᠢᠭ ᠬᠠᠨᠲᠢᠪᠯᠡᠵᠤ᠂ 758 ᠰᠣᠷᠣᠭᠴᠢ | ᠲᠤᠰᠡᠯᠡᠮᠵᠢ ᠬᠦᠷᠳᠡᠪᠡ︔ ᠬᠡᠤᠬᠡᠳ ᠪᠠᠭᠠᠴᠤᠳ ᠤᠨ ᠰᠠᠭᠤᠷᠢ ᠮᠦᠩᠭᠦᠨ ᠤ ᠨᠡᠶᠢᠭᠡᠮᠯᠢᠭ ᠠᠴᠠ ︽ᠬᠠᠪᠤᠷ ᠤᠨ | ᠴᠣᠮᠤᠷᠯᠢᠭ ᠲᠦᠯᠤᠪᠯᠡᠭᠡ︾ ᠶᠢᠨ ᠰᠣᠷᠤᠯᠭ᠎ᠠ ᠶᠢᠨ ᠲᠡᠳᠭᠦᠮᠵᠢ ᠶᠢᠨ ᠮᠦᠩᠬᠦ 20 ᠲᠦᠮᠡᠨ ᠲᠦᠭᠦᠷᠢᠭ | ᠬᠠᠨᠲᠢᠪᠯᠡᠵᠤ᠂ 50 ᠰᠣᠷᠣᠭᠴᠢ ᠲᠤᠰᠠᠯᠡᠮᠵᠢ ᠬᠦᠷᠲᠡᠪᠠ᠃ ︵ᠤᠷᠭᠤᠮᠠᠯ︶ | | |