ᠴᠧᠨ ᠬᠣ᠋ ᠨᠠᠨ ᠠᠭᠤᠷᠬᠠᠶ ᠬᠠᠶᠢᠬᠤ ᠠᠵᠢᠯᠯᠠᠭ᠎ᠠ ᠵᠢᠴᠢ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/19
       11 ᠰᠠᠷ᠎ᠠ ᠶᠢᠨ 17 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠠᠨ ᠠᠭᠤᠷᠬᠠᠶ ᠬᠠᠶᠢᠬᠤ ᠠᠵᠢᠯᠯᠠᠭ᠎ᠠ ᠵᠢᠴᠢ ᠠᠭᠤᠷᠬᠠᠶ ᠶᠢᠨ ᠠᠵᠤ ᠠᠬᠤᠶ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠳᠡ ᠶᠢᠨ ᠲᠣᠪᠴᠢᠶ᠎ᠠ ᠶᠢᠨ ᠮᠦᠭᠳᠡᠨ ᠳᠠᠬᠢ ᠭᠠᠵᠠᠷ ᠰᠢᠨᠵᠢᠯᠡᠭᠡᠨ ᠤ ᠪᠠᠶᠢᠴᠠᠭᠠᠯᠳᠡ ᠶᠢᠨ ᠲᠥᠪ ᠤᠨ ᠤᠯᠠᠭᠠᠨᠬᠠᠳᠠ ᠶᠢᠨ ᠲᠥᠷᠥᠯ ᠵᠦᠢᠯ ᠤᠨ ᠬᠡᠯᠲᠡᠰ ᠲᠤ ᠬᠦᠷᠴᠦ ᠵᠡᠰ᠂ ᠴᠠᠭᠠᠨ ᠲᠤᠭᠤᠯᠭ᠎ᠠ᠂ ᠮᠣᠯᠢᠪᠳᠧᠨ᠂ ᠬᠠᠷ᠎ᠠ ᠲᠤᠭᠤᠯᠭ᠎ᠠ᠂ ᠴᠠᠶᠢᠷ ᠵᠡᠷᠭᠡ ᠬᠦᠳᠡᠷ ᠤᠨ ᠴᠢᠯᠠᠭᠤᠯᠢᠭ ᠤᠨ ᠭᠤᠤᠯ ᠪᠣᠯᠤᠨ  ᠭᠦᠢᠴᠡᠣᠡᠭᠡᠬᠦ ᠲᠤᠭ᠎ᠠ ᠶᠢᠨ ᠵᠠᠳᠠᠯᠤᠯᠲᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠭᠤᠷᠬᠠᠶ ᠶᠢᠨ ᠪᠠᠶᠢᠷᠢᠰᠢᠯ᠂ ᠬᠦᠳᠡᠷ ᠤᠨ ᠵᠤᠵᠠᠭᠠᠨ ᠤ ᠬᠡᠮᠵᠢᠶ᠎ᠡ᠂ ᠬᠦᠳᠡᠷ ᠤᠨ ᠴᠢᠨᠠᠷ ᠵᠡᠷᠭᠡ ᠪᠠᠶᠢᠳᠡᠯ ᠢ ᠨᠠᠷᠢᠨ ᠤᠶᠢᠯᠠᠭᠠᠪᠡ᠃
       ᠳᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠵᠤ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠳᠡ ᠶᠢᠨ ᠲᠣᠪᠴᠢᠶ᠎ᠠ ᠶᠢᠨ ᠮᠦᠭᠳᠡᠨ ᠳᠠᠬᠢ ᠭᠠᠵᠠᠷ ᠰᠢᠨᠵᠢᠯᠡᠭᠡᠨ ᠤ ᠪᠠᠶᠢᠴᠠᠭᠠᠯᠳᠡ ᠶᠢᠨ ᠲᠥᠪ ᠤᠨ ᠠᠭᠤᠷᠬᠠᠶ ᠶᠢᠨ ᠭᠠᠷᠤᠯᠲᠠ ᠶᠢᠨ ᠲᠠᠰᠤᠭ ᠤᠨ ᠳᠡᠳ᠋ ᠡᠷᠬᠢᠯᠡᠭᠴᠢ ᠵᠠᠩ ᠵᠢᠩ ᠠᠭᠤᠷᠬᠠᠶ ᠬᠠᠶᠢᠬᠤ ᠠᠵᠢᠯᠯᠠᠭ᠎ᠠ ᠶᠢᠨ ᠬᠤᠯᠪᠣᠭᠳᠠᠯ ᠪᠦᠬᠦᠢ ᠪᠠᠶᠢᠳᠡᠯ ᠢ ᠲᠠᠨᠢᠯᠴᠠᠭᠤᠯᠪᠠ᠃
   
     
               ᠴᠧᠨ ᠬᠤ᠋ ᠨᠠᠨ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠳᠡ ᠶᠢᠨ ᠲᠣᠪᠴᠢᠶ᠎ᠠ ᠶᠢᠨ ᠮᠦᠭᠳᠡᠨ ᠳᠠᠬᠢ ᠭᠠᠵᠠᠷ ᠰᠢᠨᠵᠢᠯᠡᠭᠡᠨ ᠤ ᠪᠠᠶᠢᠴᠠᠭᠠᠯᠳᠡ ᠶᠢᠨ ᠲᠥᠪ ᠤᠨ ᠠᠭᠤᠷᠬᠠᠶ ᠬᠠᠶᠢᠬᠤ ᠠᠵᠢᠯᠯᠠᠭ᠎ᠠ᠂ ᠡᠬᠢ ᠪᠠᠶᠠᠯᠢᠭ ᠢ ᠬᠤᠪᠢᠷᠠᠭᠤᠯᠬᠤ ᠵᠡᠷᠭᠡ ᠲᠠᠯ᠎ᠠ ᠪᠠᠷ ᠠᠷᠤ ᠬᠤᠷᠴᠢᠨ ᠬᠤᠰᠢᠭᠤ ᠶᠢ ᠬᠥᠲᠥᠯᠥᠨ ᠳᠠᠭᠠᠭᠤᠯᠵᠤ ᠬᠠᠪᠰᠤᠷᠴᠤ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠴᠢᠩᠭᠠᠳᠬᠠᠬᠤ ᠳᠤ ᠪᠠᠨ᠂ ᠠᠭᠤᠷᠬᠠᠶ ᠬᠠᠶᠢᠬᠤ ᠠᠵᠢᠯᠯᠠᠭ᠎ᠠ ᠶᠢ ᠭᠤᠶᠢᠪᠢᠰᠢ ᠥᠬᠡᠶ ᠬᠡᠷᠡᠭᠵᠢᠭᠦᠯᠵᠦ᠂ ᠠᠭᠤᠷᠬᠠᠶ ᠶᠢᠨ ᠠᠵᠤ ᠠᠬᠤᠶ ᠶᠢ ᠬᠦᠴᠦᠷᠬᠡᠭᠵᠢᠭᠦᠯᠬᠦ ᠪᠣᠯ ᠳᠡᠭᠡᠳᠦ ᠱᠠᠲᠤᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠷᠲᠡᠭᠡᠨ ᠠᠷᠤ ᠬᠤᠷᠴᠢᠨ ᠬᠤᠰᠢᠭᠤᠨ ᠤ ᠠᠵᠤ ᠦᠢᠯᠡᠣᠡᠪᠣᠷᠢ ᠶᠢᠨ ᠪᠣᠳᠠᠲᠤ ᠬᠦᠴᠦᠨ ᠢ ᠨᠡᠮᠡᠭᠳᠡᠭᠦᠯᠬᠦ ᠶᠢᠨ ᠪᠣᠳᠠᠲᠤ ᠬᠡᠷᠡᠭᠴᠡᠭᠡ ᠮᠥᠨ᠃ ᠡᠯᠧᠮᠧᠨ᠋ᠲ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠳᠣᠬᠢᠷᠠᠭᠤᠯᠤᠯᠲᠠ ᠶᠢᠨ ᠲᠥᠪ ᠯᠦᠭᠡ ᠶᠢᠨ ᠨᠡᠪᠳᠠᠷᠠᠯᠴᠡᠭᠡ ᠵᠤᠯᠭᠠᠯᠴᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠪᠣᠯᠣᠨ ᠬᠠᠷᠢᠶ᠎ᠠ ᠭᠠᠵᠠᠷ ᠤᠨ ᠬᠤᠭᠤᠷᠤᠨᠳᠤᠬᠢ ᠬᠠᠮᠵᠢᠯᠴᠠᠭ᠎ᠠ ᠶᠢ ᠴᠢᠩᠭᠠᠣᠡᠬᠠᠵᠤ᠂ ᠡᠬᠢ ᠪᠠᠶᠠᠯᠢᠭ ᠤᠨ ᠳᠣᠬᠢᠷᠠᠭᠤᠯᠤᠯᠲᠠ᠂ ᠭᠠᠵᠠᠷ ᠬᠡᠷᠡᠭᠯᠡᠬᠦ ᠶᠢ ᠪᠠᠲᠤᠯᠠᠬᠤ᠂ ᠬᠢᠨᠠᠨ ᠵᠥᠪᠰᠢᠶᠡᠷᠡᠬᠦ ᠬᠠᠮᠢᠶᠠᠷᠤᠯᠲᠠ ᠵᠡᠷᠭᠡ ᠡᠯ᠎ᠡ ᠲᠠᠯ᠎ᠠ ᠶᠢᠨ ᠠᠵᠢᠯ ᠢ ᠨᠢᠭᠡᠳᠤᠯᠲᠠᠢ ᠲᠦᠯᠤᠪᠯᠡᠨ ᠰᠠᠶᠢᠲᠤᠷ ᠬᠢᠵᠣ᠂ ︽ᠠᠭᠤᠷᠬᠠᠢ ᠬᠠᠶᠢᠬᠤ ᠰᠠᠭᠤᠷᠢ ᠮᠦᠩᠬᠦ︾ ᠶᠢ ᠰᠦᠪᠡᠭᠴᠢᠯᠠᠨ ᠪᠠᠶᠢᠭᠤᠯᠵᠤ᠂ ᠠᠭᠤᠷᠬᠠᠢ ᠬᠠᠶᠢᠬᠤ ᠠᠵᠢᠯᠯᠠᠭ᠎ᠠ ᠶᠢ ᠦᠷᠨᠢᠭᠦᠯᠬᠦ ᠳᠤ ᠬᠦᠴᠦᠲᠡᠢ ᠲᠤᠯᠭᠠᠭᠤᠷᠢᠯᠡᠯ ᠬᠠᠩᠭᠠᠬᠤ ᠭᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠨᠢᠭᠡᠴᠡ ᠶᠢᠨ ᠮᠡᠷᠭᠡᠵᠢᠯ᠂ ᠴᠢᠳᠡᠪᠤᠷᠢᠳᠡᠨ ᠵᠡᠷᠭᠡ ᠲᠠᠯ᠎ᠠ ᠶᠢᠨ ᠳᠠᠪᠠᠭᠤᠯᠢᠭ ᠢ ᠬᠦᠢᠴᠡᠳ ᠪᠠᠲᠠᠷᠠᠭᠤᠯᠤᠨ᠂ ᠰᠠᠭᠤᠷᠢ ᠴᠢᠨᠠᠷᠲᠠᠢ ᠭᠠᠵᠠᠷ ᠰᠢᠡᠵᠢᠯᠡᠭᠡᠨ ᠤ ᠪᠠᠶᠢᠴᠠᠭᠠᠯᠲᠠ ᠪᠠ ᠠᠭᠤᠷᠬᠠᠢ ᠶᠢᠨ ᠭᠠᠷᠤᠯᠲᠠ ᠶᠢᠨ ᠬᠠᠶᠢᠨ ᠪᠠᠶᠢᠴᠠᠭᠠᠯᠲᠠ ᠶᠢ ᠴᠢᠩᠭᠠᠳᠬᠠᠵᠤ᠂ ᠨᠦᠭᠦᠴᠡᠯ ᠳᠤ ᠨᠡᠶᠢᠴᠡᠬᠦ ᠵᠠᠰ ᠤᠨ ᠠᠭᠤᠷᠬᠠᠢ᠂ ᠴᠠᠭᠠᠨ ᠲᠤᠭᠤᠯᠭ᠎ᠠ ᠶᠢᠨ ᠠᠭᠤᠷᠬᠠᠢ᠂ ᠮᠣᠯᠢᠪᠳᠧᠨ ᠤ ᠠᠭᠤᠷᠬᠠᠢ᠂ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠵᠡᠷᠭᠡ ᠠᠭᠤᠷᠬᠠᠢ ᠶᠢᠨ ᠭᠦᠨ ᠬᠡᠰᠡᠭ ᠤᠨ ᠶᠡᠷᠦᠩᠬᠡᠶᠢᠯᠡᠭᠰᠡᠨ ᠬᠠᠶᠢᠨ ᠪᠠᠶᠢᠴᠠᠭᠠᠯᠳᠡ ᠥᠷᠨᠢᠭᠦᠯᠬᠦ ᠶᠢ ᠳᠡᠮᠵᠢᠵᠦ᠂ ᠠᠭᠤᠷᠬᠠᠶ ᠬᠠᠶᠢᠬᠤ ᠠᠵᠢᠯᠯᠠᠭ᠎ᠠ ᠳᠤ ᠨᠠᠩ ᠶᠡᠭᠡ  ᠰᠢᠪᠲᠤᠯᠤᠯᠲᠠ  ᠲᠠᠢ  ᠪᠣᠯᠬᠤ  ᠶᠢ  ᠠᠬᠢᠭᠤᠯᠬᠤ  ᠬᠡᠷᠡᠭᠲᠡᠶ᠂ ᠦᠷ᠎ᠡ ᠪᠦᠲᠦᠭᠡᠯ ᠢ ᠤᠯᠠᠷᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠭᠡᠭᠡᠨ ᠬᠥᠭᠵᠢᠭᠦᠯᠬᠦ ᠴᠠᠭ ᠤᠨ ᠳᠠᠷᠠᠭᠠᠯᠠᠯ ᠢ ᠵᠣᠬᠢᠰᠲᠠᠶ ᠲᠣᠬᠢᠷᠠᠭᠤᠯᠤᠨ᠂ 1᠄ 50000 ᠣᠷᠣᠨ ᠪᠦᠰᠡ ᠶᠢᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠵᠢᠷᠤᠮᠵᠢᠯ ᠲᠠᠢ ᠤᠶᠠᠯᠳᠤᠭᠤᠯᠵᠤ᠂ ᠨᠢᠭᠡ ᠪᠦᠯᠦᠭ ᠠᠭᠤᠷᠬᠠᠶ ᠬᠠᠶᠢᠬᠤ ᠡᠷᠬᠡ ᠶᠢ ᠢᠯᠡᠷᠬᠡᠶᠢᠯᠡᠯ ᠡᠯᠭᠦᠨ ᠰᠢᠯᠵᠢᠭᠦᠯᠦᠨ ᠬᠤᠳᠠᠯᠳᠤᠬᠤ ᠶᠢ ᠲᠦᠷᠭᠡᠨ ᠠᠬᠢᠭᠤᠯᠵᠤ᠂ ᠨᠢᠭᠡ ᠪᠦᠯᠦᠭ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠲᠥᠷᠥᠯ ᠵᠦᠢᠯ ᠢ ᠨᠠᠶᠢᠳᠡᠪᠣᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠳᠠᠪᠠᠭᠤᠯᠢᠭ ᠪᠣᠯᠭᠠᠨ  ᠬᠤᠪᠢᠷᠠᠭᠤᠯᠬᠤ ᠬᠡᠷᠡᠭᠲᠡᠶ᠃ ᠪᠣᠬᠢᠷᠲᠤᠯ ᠥᠭᠡᠶ ᠪᠠᠷ ᠬᠡᠯᠪᠡᠷᠢ ᠪᠠᠨ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠭᠡᠭᠡᠨ ᠮᠠᠯᠲᠠᠬᠤ ᠠᠷᠭ᠎ᠠ ᠮᠠᠶ᠋ᠢᠭ ᠰᠢᠨᠵᠢᠯᠡᠬᠦ ᠤᠬᠠᠭᠠᠨᠴᠢᠯᠠᠭᠰᠠᠨ᠂ ᠡᠬᠢ  ᠪᠠᠶᠠᠯᠢᠭ  ᠤᠨ  ᠠᠰᠢᠭᠯᠠᠯᠲᠠ  ᠥᠨᠳᠥᠷ  ᠪᠦᠲᠦᠮᠵᠢᠭᠰᠡᠨ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠠᠮᠢ ᠠᠬᠤᠶᠢᠵᠢᠭᠰᠠᠨ ᠪᠣᠬᠢᠷᠲᠤᠯ ᠦᠭᠡᠶ ᠠᠭᠤᠷᠬᠠᠶ ᠶᠢ ᠲᠦᠷᠭᠡᠳᠬᠡᠨ ᠪᠠᠶᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ ᠬᠠᠮᠠᠭᠠᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠡᠶ᠃ ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠢᠴᠢ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠳᠡ ᠶᠢᠨ ᠲᠣᠪᠴᠢᠶ᠎ᠠ ᠶᠢᠨ ᠮᠦᠭᠳᠡᠨ ᠳᠠᠬᠢ ᠭᠠᠵᠠᠷ ᠰᠢᠨᠵᠢᠯᠡᠭᠡᠨ ᠤ  ᠪᠠᠶᠢᠴᠠᠭᠠᠯᠳᠡ ᠶᠢᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠯᠢ ᠬᠤᠸᠠᠨ ᠢᠦᠶ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号