| 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 6666.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 5102.8 ᠳ᠋ᠦᠩᠰᠢᠭᠤᠷ | ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ︔ ᠰᠠᠯᠬᠢᠨ ᠤ | ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 1264.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 24.8% ᠪᠠᠷ ᠨᠡᠮᠡᠭᠳᠡᠨ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶᠡᠨ ᠤ | ᠨᠡᠮᠡᠭᠳᠡᠯ ᠳᠤ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ | ᠬᠡᠮᠵᠢᠶᠡᠨ ᠠᠴᠠ ᠳᠠᠪᠠᠵᠤ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶᠡᠨ ᠤ ᠨᠡᠮᠡᠭᠳᠡᠯ ᠢ 4.1 ᠵᠠᠭᠤᠨ ᠤ ᠴᠡᠭ | ᠳᠡᠭᠡᠭᠰᠢᠯᠡᠭᠦᠯᠪᠡ︔ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 259.3 ᠳ᠋ᠦᠩᠰᠢᠭᠤᠷ ᠺᠢᠯᠣᠸᠠᠲ | ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.7% ᠪᠠᠷ ᠨᠡᠮᠡᠭᠳᠡᠪᠡ︔ ᠤᠰᠤᠨ ᠤ ᠬᠦᠴᠦᠨ ᠢᠶᠠᠷ | ᠴᠠᠬᠢᠯᠭᠠᠨ ᠭᠠᠷᠭᠠᠭᠰᠠᠨ ᠬᠡᠮᠵᠢᠶ᠎ᠡ 39.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 27.3% ᠪᠠᠷ ᠨᠡᠮᠡᠭᠳᠡᠪᠡ᠃ ᠠᠶᠢᠮᠠᠭ ᠬᠤᠲᠠ ᠪᠠᠷ ᠬᠤᠪᠢᠶᠠᠪᠠᠯ᠂ 9 ᠠᠶᠢᠮᠠᠭ | ᠬᠤᠲᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠮᠡᠭᠳᠡᠪᠡ᠂ ᠡᠭᠦᠨ ᠳᠤ ᠣᠷᠳᠣᠰ ᠬᠤᠲᠠ ᠶᠢᠨ ᠴᠠᠬᠢᠯᠭᠠᠨ | ᠭᠠᠷᠭᠠᠭᠰᠠᠨ ᠬᠡᠮᠵᠢᠶ᠎ᠡ 1706.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠣᠷᠣᠨ ᠤ ᠲᠡᠷᠢᠭᠦᠨ ᠳᠤ | ᠵᠢᠭᠰᠠᠭᠠᠭᠳᠠᠵᠤ᠂ ᠠᠳᠠᠯᠢ ᠬᠤᠭᠤᠴᠠᠭᠠᠨ ᠤ ᠬᠢ ᠠᠴᠠ 12.4% ᠪᠠᠷ ᠨᠡᠮᠡᠭᠳᠡᠪᠡ︔ ᠰᠢᠯᠢ ᠶᠢᠨ ᠭᠤᠤᠯ ᠠᠶᠢᠮᠠᠭ ᠤᠨ | ᠴᠠᠬᠢᠯᠭᠠᠨ ᠭᠠᠷᠭᠠᠭᠰᠠᠨ ᠬᠡᠮᠵᠢᠶ᠎ᠡ 911.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠣᠷᠣᠨ ᠤ | ᠬᠤᠶᠠᠳᠤᠭᠠᠷ ᠲᠤ ᠵᠢᠭᠰᠠᠭᠠᠭᠳᠠᠵᠤ᠂ ᠠᠳᠠᠯᠢ ᠬᠤᠭᠤᠴᠠᠭᠠᠨ ᠤ ᠬᠢ ᠠᠴᠠ 12.8% ᠪᠠᠷ ᠨᠡᠮᠡᠭᠳᠡᠪᠡ᠃ ︵ᠲᠤᠭ᠎ᠠ | ᠪᠦᠷᠢᠳᠭᠡᠯ ᠤᠨ ᠲᠣᠪᠴᠢᠶ᠎ᠠ︶ | | |