ᠠᠷᠤ ᠬᠤᠷᠴᠢᠨ ᠬᠤᠰᠢᠭᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠨ ᠪᠠᠬᠢᠵᠢᠭᠦᠯᠪᠡ
ᠨᠡᠶᠢᠲᠡᠯᠡᠭᠰᠡᠨ ᠴᠠᠭ᠄
2024/11/20
       ᠠᠷᠤ ᠬᠤᠷᠴᠢᠨ ᠬᠤᠰᠢᠭᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠠᠶᠢᠷᠢᠯᠠᠭᠤᠯᠣᠯᠳᠡ ᠪᠠᠨ ᠴᠢᠩᠭᠠᠳᠬᠠᠵᠤ᠂ ᠪᠠᠶᠢᠳᠡᠯ ᠤᠨ ᠬᠠᠷᠢᠭᠤ ᠮᠡᠳᠡᠭᠦᠯᠦᠯᠲᠡ ᠶᠢ ᠴᠠᠭ ᠲᠤᠬᠠᠶ ᠳᠤᠨᠢ ᠲᠣᠬᠢᠷᠠᠭᠤᠯᠤᠨ ᠰᠣᠨᠣᠰᠴᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠪᠠᠶᠢᠳᠡᠯ ᠢ ᠵᠠᠳᠠᠯᠤᠨ ᠰᠢᠨᠵᠢᠯᠡᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠥᠨᠳᠥᠷ ᠪᠠᠶᠢᠷᠢᠨ ᠳᠤ ᠲᠦᠯᠬᠢᠨ ᠠᠬᠢᠭᠤᠯᠵᠤ᠂ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠡᠷᠡᠰ ᠰᠠᠬᠢᠨ ᠬᠠᠮᠠᠭᠠᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠦᠬᠦ ᠲᠠᠯ᠎ᠠ ᠪᠠᠷ ᠪᠠᠲᠤᠯᠠᠨ ᠪᠠᠬᠢᠵᠢᠭᠦᠯᠪᠡ᠃
       ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠪᠠ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠬᠤᠭᠤᠯᠠ ᠤᠮᠳᠠ ᠶᠢᠨ ᠵᠠᠷᠤᠳᠠᠯ ᠤᠨ ᠬᠠᠮᠢᠶᠠᠷᠤᠯᠲᠠ ᠶᠢᠨ ᠲᠣᠪᠣᠶᠢᠮ᠎ᠡ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠠᠯᠡᠨ ᠵᠠᠰᠠᠬᠤ ᠵᠢᠴᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠭᠤᠤᠯᠳᠠᠯᠭ᠎ᠠ ᠲᠠᠢ ᠠᠵᠢᠯ ᠪᠣᠯᠭᠠᠨ ᠠᠳᠬᠤᠵᠤ᠂ ︽ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠬᠤᠭᠤᠯᠠ ᠤᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠲᠣᠭᠲᠠᠭᠠᠵᠤ᠂  ᠠᠵᠢᠯ  ᠤᠨ  ᠤᠳᠤᠷᠢᠳᠬᠤ  ᠳᠤᠭᠤᠶᠢᠯᠠᠩ  ᠪᠠᠶᠢᠭᠤᠯᠣᠨ᠂ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠳᠦᠷᠢᠮ ᠢ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠠᠵᠢᠯ ᠢ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠬᠢᠨᠠᠨ ᠰᠢᠯᠭᠠᠬᠤ ᠰᠢᠰᠲ᠋ᠧᠮ ᠳᠤ ᠣᠷᠣᠭᠤᠯᠪᠠ︔ ᠲᠤᠬᠠᠶ ᠶᠢᠨ ᠲᠠᠯᠠᠪᠤᠷ ᠲᠤ ᠲᠣᠭᠤᠷᠢᠨ ᠦᠵᠡᠬᠦ ᠪᠠ ᠲᠥᠪᠯᠡᠷᠡᠭᠦᠯᠦᠨ ᠳ᠋ᠦᠩᠨᠡᠬᠦ ᠬᠡᠯᠪᠡᠷᠢ ᠪᠠᠷ 4 ᠬᠤᠷᠠᠯ ᠤᠨ ᠲᠠᠯᠠᠪᠠᠢ ᠬᠤᠪᠢᠶᠠᠨ᠂ ᠲᠤᠬᠠᠶ ᠶᠢᠨ ᠲᠠᠯᠠᠪᠤᠷ ᠤᠨ ᠲᠦᠯᠬᠢᠨ ᠠᠬᠢᠭᠤᠯᠬᠤ ᠬᠤᠷᠠᠯ ᠬᠢᠵᠦ ᠤᠷᠢᠳ ᠬᠤᠵᠢᠳ ᠲᠤᠰᠬᠠᠶ ᠰᠡᠳᠦᠪᠲᠦ ᠲᠦᠯᠬᠢᠨ ᠠᠬᠢᠭᠤᠯᠬᠤ ᠬᠤᠷᠠᠯ  ᠪᠣᠯᠤᠨ  ᠪᠣᠯᠪᠠᠰᠤᠷᠠᠯ   ᠤᠨ  ᠬᠤᠷᠠᠯ  ᠬᠤᠷᠠᠯᠳᠤᠭᠤᠯᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠤᠷᠭᠠᠭᠤᠯᠢ ᠶᠢᠨ ᠪᠤᠰᠤᠳ ᠭᠤᠤᠯᠳᠠᠯᠭ᠎ᠠ ᠲᠠᠢ ᠠᠵᠢᠯ ᠲᠠᠢ ᠵᠡᠷᠭᠡ ᠪᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠪᠠᠷᠢᠮᠵᠢᠶᠠᠵᠢᠭᠰᠠᠨ᠂ ᠵᠢᠷᠤᠮᠵᠢᠭᠰᠠᠨ ᠲᠡᠰᠢ ᠬᠥᠭᠵᠢᠬᠦ ᠶᠢ ᠲᠦᠯᠬᠢᠨ ᠠᠬᠢᠭᠤᠯᠪᠠ᠃        ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠳᠦᠷ ᠲᠣᠲᠤᠮ ᠤᠨ ᠬᠠᠮᠢᠶᠠᠷᠤᠯᠲᠠ ᠶᠢ ᠳᠦᠷᠢᠮᠵᠢᠭᠦᠯᠪᠡ᠃ ᠡᠯ᠎ᠡ ᠰᠤᠷᠭᠠᠭᠤᠯᠢ ︽ᠡᠳᠦᠷ ᠲᠤ ᠬᠠᠮᠢᠶᠠᠷᠤᠨ ᠡᠵᠡᠮᠳᠡᠬᠦ᠂ ᠭᠠᠷᠠᠭ ᠲᠤ ᠵᠢᠭᠰᠠᠭᠠᠨ ᠪᠠᠶᠢᠴᠠᠭᠠᠬᠤ᠂ ᠰᠠᠷ᠎ᠠ ᠳᠤ ᠲᠣᠬᠢᠷᠠᠭᠤᠯᠤᠯᠲᠠ ᠬᠢᠬᠦ︾ ᠠᠵᠢᠯ ᠤᠨ ᠲᠣᠭᠲᠠᠴᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠭᠤᠯᠠᠨ ᠭᠡᠷ ᠤᠨ ᠢᠳᠡᠭᠡᠨ ᠤ ᠵᠦᠢᠯ ᠤᠨ ᠬᠤᠳᠠᠯᠳᠤᠨ ᠠᠪᠬᠤ ᠳᠦᠷᠢᠮ᠂ ᠦᠯᠢᠭᠡᠷ ᠡᠳ᠋ ᠦᠯᠡᠳᠡᠭᠡᠬᠦ ᠳᠦᠷᠢᠮ᠂ ᠭᠡᠷᠡᠴᠢ ᠪᠠᠷᠢᠮᠲᠠ ᠠᠪᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠶᠡᠭᠡ ᠬᠡᠮᠵᠢᠶᠡᠨ ᠤ ᠢᠳᠡᠭᠡᠨ ᠤ ᠪᠣᠷᠣ ᠮᠠᠲ᠋ᠧᠷᠢᠶᠠᠯ ᠢ ᠨᠢᠭᠡᠳᠦᠯᠲᠡᠶ ᠬᠤᠳᠠᠯᠳᠤᠨ ᠠᠪᠬᠤ ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ ᠪᠠᠷᠠᠭ᠎ᠠ ᠣᠷᠣᠭᠤᠯᠬᠤ ᠨᠠᠷᠢᠨ ᠳᠠᠩᠰᠠ ᠶᠢ ᠪᠠᠶᠢᠭᠤᠯᠵᠤ᠂ ᠪᠣᠢ ᠪᠦᠬᠦᠢ ᠢᠳᠡᠭᠡᠨ ᠵᠢᠴᠢ ᠢᠳᠡᠭᠡᠨ ᠤ ᠲᠦᠭᠦᠬᠡᠶ ᠮᠠᠲ᠋ᠧᠷᠢᠶᠠᠯ ᠤᠨ ᠡᠬᠢ ᠰᠤᠷᠪᠤᠯᠵᠢ ᠶᠢ ᠨᠢ ᠡᠷᠢᠵᠦ  ᠲᠠᠶᠢᠯᠬᠦ ᠪᠠᠷ ᠬᠤᠳᠠᠯᠳᠤᠨ ᠠᠪᠤᠯᠲᠠ ᠬᠢᠵᠦ ᠭᠦᠢᠴᠡᠣᠡᠭᠡᠪᠡ︔ ᠢᠳᠡᠭᠡᠨ ᠤ ᠵᠦᠢᠯ ᠤᠨ ᠠᠵᠢᠯᠲᠠᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠳᠦᠷᠢᠮ᠂ ᠪᠣᠯᠪᠠᠰᠤᠷᠠᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯᠯᠠᠬᠤ ᠶᠠᠪᠤᠴᠠ ᠶᠢ ᠵᠢᠷᠤᠮᠵᠢᠭᠤᠯᠤᠨ᠂ ᠬᠤᠭᠤᠯᠠᠨ ᠭᠡᠷ ᠤᠨ ᠠᠵᠢᠯᠲᠠᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠪᠡ︔ ᠰᠤᠷᠭᠠᠭᠤᠯᠢ ᠶᠢᠨ ᠬᠤᠭᠤᠯᠠᠨ ᠭᠡᠷ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠤᠷᠤᠭᠴᠢᠳ ᠤᠨ ᠬᠤᠭᠤᠯᠠᠨ ᠤ ᠵᠠᠷᠤᠳᠠᠯ ᠳᠤ ᠭᠦᠢᠴᠡᠳ ᠲᠤᠭ᠎ᠠ ᠪᠠᠷ ᠬᠡᠷᠡᠭᠯᠡᠬᠦ ᠶᠢ ᠦᠨᠡᠨᠬᠦ ᠪᠠᠲᠤᠯᠠᠵᠤ᠂ ᠬᠤᠭᠤᠯᠠᠨ ᠭᠡᠷ ᠤᠨ ᠮᠠᠯᠵᠢᠬᠤ ᠲᠠᠷᠢᠶᠠᠯᠠᠬᠤ ᠣᠷᠣᠨ ᠤ ᠪᠠᠭ᠎ᠠ ᠰᠤᠷᠭᠠᠭᠤᠯᠢ ᠶᠢᠨ ᠰᠢᠮ᠎ᠡ ᠲᠡᠵᠢᠭᠡᠯᠲᠦ ᠬᠤᠭᠤᠯᠠᠨ ᠤ ᠵᠠᠷᠤᠳᠠᠯ ᠤᠨ ᠵᠣᠭᠤᠰ ᠰᠠᠯᠭᠠᠨ ᠥᠭᠬᠦ ᠲᠣᠬᠢᠷᠠᠭᠤᠯᠤᠯᠲᠠ ᠶᠢᠨ ᠬᠦᠰᠦᠨᠦᠭᠲᠦ ᠲᠣᠭᠲᠠᠭᠠᠬᠤ ᠶᠢ  ᠵᠢᠷᠤᠮᠵᠢᠭᠤᠯᠤᠨ᠂ ᠰᠢᠮ᠎ᠡ ᠲᠡᠵᠢᠭᠡᠯᠲᠦ ᠬᠤᠭᠤᠯᠠᠨ ᠤ ᠲᠤᠰᠠᠯᠠᠮᠵᠢ ᠶᠢᠨ ᠵᠠᠷᠤᠳᠠᠯ ᠤᠨ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ ᠴᠢᠩᠭ᠎ᠠ ᠳᠦᠷᠢᠮᠵᠢᠭᠦᠯᠵᠦ᠂ ᠢᠳᠡᠭᠡᠨ ᠤ ᠠᠮᠤᠷ ᠲᠦᠪᠰᠢᠨ ᠪᠠ ᠬᠤᠭᠤᠯᠠ ᠤᠮᠳᠠ ᠶᠢᠨ ᠵᠠᠷᠤᠳᠠᠯ ᠤᠨ ᠬᠠᠮᠢᠶᠠᠷᠤᠯᠲᠠ ᠶᠢᠨ ᠠᠮᠤᠷ ᠲᠦᠪᠰᠢᠨ ᠵᠢᠷᠤᠮᠵᠢᠯ ᠲᠠᠢ ᠪᠠᠶᠢᠬᠤ ᠶᠢ ᠪᠠᠲᠤᠯᠠᠪᠠ᠃
       ᠬᠢᠨᠠᠯᠲᠠ ᠲᠠᠯᠪᠢᠵᠤ ᠪᠠᠶᠢᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠵᠠᠰᠠᠬᠤ ᠭᠤᠤᠯᠳᠠᠯᠭ᠎ᠠ ᠶᠢ ᠪᠣᠳᠠᠲᠠᠶ ᠠᠳᠬᠤᠪᠠ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠬᠤᠭᠤᠯᠠ ᠤᠮᠳᠠ ᠶᠢᠨ ᠵᠠᠷᠤᠳᠠᠯ ᠤᠨ ᠬᠠᠮᠢᠶᠠᠷᠤᠯᠲᠠ ᠶᠢᠨ ᠲᠣᠪᠣᠶᠢᠮ᠎ᠡ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠪᠣᠳᠠᠲᠠᠶ ᠲᠠᠢ ᠤᠶᠠᠯᠳᠤᠭᠤᠯᠤᠨ᠂ ᠡᠯ᠎ᠡ ᠰᠤᠷᠭᠠᠭᠤᠯᠢ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠵᠢᠭᠰᠠᠭᠠᠨ ᠪᠠᠶᠢᠴᠠᠭᠠᠵᠣ ᠴᠡᠭᠴᠡᠯᠡᠨ ᠵᠠᠰᠠᠬᠤ ᠪᠠ ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠵᠡᠷᠭᠡ ᠡᠳᠦᠷ ᠲᠣᠲᠤᠮ ᠤᠨ  ᠪᠠᠶᠢᠴᠠᠭᠠᠯᠳᠡ ᠥᠷᠨᠢᠭᠦᠯᠬᠦ ᠠᠴᠠ ᠭᠠᠳᠠᠨ᠎ᠠ᠂ ᠪᠠᠰᠠ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠢᠶᠠᠷ ᠭᠦᠡᠵᠡᠭᠡᠶᠢᠷᠡᠵᠤ᠂ ᠣᠯᠠᠨ ᠤᠳᠠᠭ᠎ᠠ ᠳᠠᠪᠲᠠᠮᠵᠢ ᠲᠠᠢ᠂ ᠪᠦᠬᠦᠨ ᠢ ᠬᠠᠮᠤᠷᠤᠭᠰᠠᠨ᠂ ᠪᠦᠬᠦ ᠲᠠᠯ᠎ᠠ ᠶᠢᠨ ᠱᠠᠭᠠᠷᠳᠠᠨ ᠪᠠᠶᠢᠴᠠᠭᠠᠯᠳᠡ 4 ᠤᠳᠠᠭ᠎ᠠ ᠬᠢᠵᠣ᠂ ᠱᠠᠭᠠᠷᠳᠡᠨ ᠪᠠᠶᠢᠴᠠᠭᠠᠵᠣ ᠢᠯᠡᠷᠡᠭᠦᠯᠣᠭ᠍ᠰᠡᠨ ᠠᠰᠠᠭᠤᠳᠡᠯ ᠳᠤ ᠡᠬᠡ ᠲᠠᠩᠰᠡ ᠪᠠᠶᠢᠭᠤᠯᠣᠨ᠂ ᠲᠠᠷᠣᠢ  ᠳᠤᠨᠢ ᠵᠠᠰᠠᠨ ᠲᠠᠷᠣᠢ ᠳᠤᠨᠢ ᠬᠡᠷᠡᠭᠵᠢᠭᠦᠯᠵᠤ᠂ ᠨᠢᠭᠡ ᠠᠴᠠ ᠵᠦᠢᠯᠴᠢᠯᠡᠨ ᠣᠯᠡᠨ ᠢ ᠮᠡᠳᠡᠭᠦᠯᠵᠤ᠂ ᠠᠮᠣᠷ ᠲᠦᠪᠰᠢᠨ ᠤ ᠲᠠᠯᠳᠡ ᠭᠡᠮ ᠢ ᠠᠷᠢᠯᠭᠠᠬᠤ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠴᠡᠭᠴᠡᠯᠡᠨ ᠰᠠᠶᠢᠵᠢᠷᠠᠭᠤᠯᠣᠡᠡᠰᠡᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ 75 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ ᠬᠡᠰᠡᠭ ᠪᠦᠯᠦᠭ ᠪᠠᠶᠢᠷᠢᠰᠢᠯ ᠨᠢ ᠵᠦᠶ ᠵᠣᠬᠢᠰ ᠦᠭᠡᠢ ᠰᠤᠷᠭᠠᠭᠤᠯᠢ ᠶᠢᠨ ᠬᠤᠭᠤᠯᠠᠨ ᠭᠡᠷ ᠢ ᠰᠡᠯᠪᠢᠨ ᠵᠠᠰᠠᠵᠤ ᠥᠭᠡᠷᠡᠴᠢᠯᠡᠨ᠂ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠭᠡᠮ ᠰᠣᠭᠤᠭ ᠢ ᠠᠷᠢᠯᠭᠠᠪᠠ᠃
       ᠳᠦᠷᠢᠮ ᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠪᠠ᠃ ︽ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ  ︿ᠰᠤᠷᠭᠠᠭᠤᠯᠢ ᠶᠢᠨ ᠬᠦᠷᠢᠶᠡᠨ ᠤ ᠬᠤᠭᠤᠯᠠ﹀ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠶ ᠴᠡᠭᠴᠠᠯᠡᠨ ᠵᠠᠰᠠᠬᠤ ᠠᠵᠢᠯ ᠤᠨ ᠲᠥᠰᠦᠯ︾ ︽ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ ᠡᠮᠬᠢᠳᠬᠡᠯ︾ ︽ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ  ᠵᠢᠷᠤᠮᠵᠢᠭᠤᠯᠤᠨ ᠴᠢᠩᠭᠠᠳᠬᠠᠬᠤ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠤᠷᠳᠤ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠪᠠ ᠵᠠᠷᠯᠠᠨ ᠮᠡᠳᠡᠭᠳᠡᠬᠦ ᠲᠣᠭᠲᠠᠴᠠ ᠶᠢ  ᠪᠠᠶᠢᠭᠤᠯᠵᠤ᠂ ᠴᠤᠭ ᠢᠶᠠᠷ ᠠᠳᠬᠤᠨ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠡᠯ ᠢ ᠪᠤᠢ ᠪᠣᠯᠭᠠᠪᠠ᠃ ᠠᠷᠤ ᠬᠤᠷᠴᠢᠨ ᠬᠤᠰᠢᠭᠤᠨ ᠤ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠢ ᠳᠠᠭᠠᠭᠠᠴᠢᠯᠠᠨ ᠪᠠᠲᠤᠯᠠᠬᠤ ᠬᠠᠷᠢᠭᠤᠴᠠᠯᠭ᠎ᠠ ᠶᠢᠨ ᠰᠢᠰᠲ᠋ᠧᠮ ᠪᠠ ᠰᠤᠷᠭᠠᠭᠤᠯᠢ ᠶᠢᠨ ᠬᠠᠮᠢᠶᠠᠷᠤᠯᠲᠠ ᠶᠢᠨ  ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠭᠤᠯᠠᠨ ᠭᠡᠷ ᠤᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠴᠠᠭ ᠲᠤᠬᠠᠶ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠶᠢ ᠪᠠᠲᠤᠯᠠᠪᠠ᠃ ᠡᠭᠦᠨ ᠤ ᠬᠠᠮᠲᠤ᠂ ᠪᠠᠰᠠ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠳᠡᠳ᠋ ᠲᠠᠰᠤᠭ ᠤᠨ ᠳᠡᠰ ᠠᠴᠡ ᠳᠡᠭᠡᠭᠰᠢᠬᠢ ᠺᠠᠳ᠋ᠷᠴᠤᠳ ᠬᠠᠨᠢ ᠪᠣᠯᠵᠤ ᠬᠤᠭᠤᠯᠠᠯᠠᠬᠤ ᠳᠦᠷᠢᠮ ᠢ ᠬᠡᠷᠡᠭᠵᠢᠭᠦᠯᠵᠤ᠂ ᠬᠤᠯᠪᠣᠭᠠᠯᠠᠨ ᠳᠠᠭᠠᠭᠠᠴᠢᠯᠠᠭᠰᠠᠨ ᠰᠤᠷᠭᠠᠭᠤᠯᠢ ᠳᠤ ᠰᠠᠷ᠎ᠠ ᠪᠣᠯᠭᠠᠨ ᠠᠳᠠᠭ ᠲᠤ ᠪᠠᠨ ᠬᠤᠶᠠᠷ ᠤᠳᠠᠭ᠎ᠠ ᠬᠠᠨᠢ ᠪᠣᠯᠵᠤ ᠬᠤᠭᠤᠯᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠰᠤᠷᠭᠠᠭᠤᠯᠢ ᠳᠤ ᠠᠵᠢᠯ ᠪᠠᠶᠢᠴᠠᠭᠠᠣᠨ ᠬᠤᠭᠤᠯᠠ ᠢᠳᠡᠬᠦ ᠴᠢᠬᠤᠯᠠᠲᠠᠶ ᠪᠣᠯ ᠡᠷᠬᠡᠪᠰᠢ ᠰᠤᠷᠭᠠᠭᠤᠯᠢ ᠶᠢᠨ ᠬᠤᠭᠤᠯᠠᠨ ᠭᠡᠷ ᠲᠤ ᠬᠤᠭᠤᠯᠠᠯᠠᠬᠤ ᠪᠥᠭᠡᠳ ᠬᠤᠭᠤᠯᠠᠨ ᠤ ᠰᠦᠢᠣᠡᠭᠡᠯ ᠢ ᠥᠪᠡᠷ ᠢᠶᠠᠨ ᠬᠠᠷᠢᠭᠤᠴᠠᠵᠤ᠂ ᠰᠤᠷᠤᠭᠴᠢᠳ ᠤᠨ ᠬᠤᠭᠤᠯᠠᠨ ᠤ ᠠᠮᠤᠷ ᠲᠦᠪᠰᠢᠨ ᠤ ᠲᠤᠤᠷ ᠢ ᠨᠢᠭᠲᠠ ᠰᠦᠯᠵᠢᠵᠦ ᠪᠠᠬᠢᠵᠢᠭᠦᠯᠪᠡ᠃                                                    ᠴᠢᠮᠡᠭᠡᠯᠡᠭᠴᠢ᠄ ᠬᠤᠩᠭᠤᠷᠵᠣᠯᠠ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号