ᠭᠤᠷᠪᠠᠨ ᠬᠦᠷᠳᠦᠲᠦ᠂ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠳᠦ ᠲᠡᠷᠭᠡ ᠶᠢᠨ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ | ᠬᠠᠷᠢᠶᠠᠲᠤ ᠣᠷᠣᠨ ᠤ ᠣᠯᠠᠨ ᠲᠦᠮᠡᠨ ᠤ ᠭᠤᠷᠪᠠᠨ ᠬᠦᠷᠳᠦᠲᠦ᠂ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ | ᠲᠡᠷᠭᠡ ᠳᠤ ᠫᠠᠶᠢᠰᠡ ᠡᠯᠭᠦᠬᠦ ᠨᠤᠷᠮ᠎ᠠ ᠶᠢ ᠳᠡᠭᠡᠭᠰᠢᠯᠡᠭᠦᠯᠦᠨ᠂ ᠠᠮᠤᠷ ᠲᠦᠪᠰᠢᠨ ᠢᠶᠠᠷ ᠠᠶᠠᠯᠠᠬᠤ ᠶᠢ ᠪᠠᠲᠤᠯᠠᠬᠤ ᠶᠢᠨ | ᠲᠥᠯᠥᠭᠡ᠂ ᠦᠢᠷ᠎ᠠ ᠶᠢᠨ ᠡᠳᠦᠷ᠂ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠠᠭᠠᠷᠮᠠᠭ ᠮᠠᠶᠢᠮᠠᠢ ᠪᠠᠷ ᠭᠦᠡᠵᠡᠭᠡᠶᠢᠷᠡᠨ᠂ ᠭᠤᠷᠪᠠᠨ | ᠬᠦᠷᠳᠦᠲᠦ᠂ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠳᠤ ᠫᠠᠶᠢᠰᠠ ᠡᠯᠭᠦᠬᠦ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠪᠡ᠃ | | | | ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠨᠠᠷ ᠰᠢᠶᠠᠩ ᠪᠠᠯᠭᠠᠰᠤ ᠶᠢᠨ ᠶᠠᠭᠠᠷᠮᠠᠭ ᠮᠠᠶᠢᠮᠠᠶ ᠶᠢᠨ ︽ | ᠴᠤᠭᠯᠠᠭᠠᠨ︾ ᠤ ᠡᠳᠦᠷ ᠢ ᠲᠣᠬᠢᠶᠠᠯᠳᠤᠭᠤᠯᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠤᠬᠠᠶ ᠶᠢᠨ | ᠲᠠᠯᠠᠪᠤᠷ ᠲᠤ ᠤᠬᠠᠭᠤᠯᠤᠨ ᠲᠠᠶᠢᠯᠪᠣᠷᠢᠯᠠᠬᠤ ᠪᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠭᠤᠷᠪᠠᠨ ᠬᠦᠷᠳᠦᠲᠦ᠂ ᠳᠥᠷᠪᠡᠨ ᠬᠦᠷᠳᠦᠲᠦ ᠴᠠᠬᠢᠯᠭᠠᠨ | ᠬᠥᠳᠡᠯᠭᠡᠭᠦᠷᠲᠦ ᠲᠡᠷᠭᠡ ᠳᠤ ᠫᠠᠶᠢᠰᠡ ᠡᠯᠭᠦᠬᠦ ᠪᠠ ᠠᠮᠤᠷ ᠲᠦᠪᠰᠢᠨ ᠤ ᠳᠤᠭᠤᠯᠠᠭ᠎ᠠ ᠵᠡᠭᠦᠬᠦ ᠶᠢᠨ ᠴᠢᠬᠤᠯᠠ ᠴᠢᠨᠠᠷ ᠢ | ᠤᠬᠠᠭᠤᠯᠤᠨ ᠲᠠᠶᠢᠯᠪᠣᠷᠢᠯᠠᠬᠤ ᠶᠢᠨ ᠬᠠᠮᠲᠤ᠂ ᠭᠡᠷᠡᠯ ᠤᠨ ᠣᠶᠢᠯᠲᠠ ᠶᠢᠨ ᠢᠯᠡᠷᠬᠡᠶᠢᠯᠡᠯ ᠲᠡᠮᠳᠡᠭ ᠲᠠᠭᠠᠷᠠᠭᠤᠯᠬᠤ ᠶᠢ | ᠤᠬᠠᠭᠤᠯᠵᠤ᠂ ᠭᠤᠷᠪᠠᠨ ᠬᠦᠷᠳᠦᠲᠦ᠂ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ | ᠵᠢᠯᠣᠭᠤᠳᠬᠤ ᠳᠤ ᠪᠠᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠵᠠᠮ ᠬᠠᠷᠢᠯᠴᠠᠭᠠᠨ ᠤ | ᠮᠠᠭᠤ ᠳᠠᠳᠬᠠᠯ ᠢ ᠲᠡᠪᠴᠢᠬᠦ ᠬᠡᠷᠡᠭᠲᠡᠶ ᠭᠡᠵᠦ ᠣᠯᠠᠨ ᠲᠦᠮᠡᠨ ᠢ ᠬᠥᠲᠥᠯᠥᠨ ᠵᠢᠯᠣᠭᠤᠳᠪᠠ᠃ ᠪᠠᠰᠠ ᠭᠤᠷᠪᠠᠨ | ᠬᠦᠷᠳᠦᠲᠦ᠂ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠳᠦ ᠲᠡᠷᠭᠡ ᠳᠤ ᠫᠠᠶᠢᠰᠡ ᠣᠷᠣᠭᠤᠯᠬᠤ ᠬᠠᠮᠢᠶ᠎ᠠ ᠪᠦᠬᠦᠢ | ᠭᠠᠷ ᠭᠦᠢᠴᠡᠣᠡᠭᠡᠯ ᠪᠣᠯᠤᠨ ᠠᠩᠬᠠᠷᠬᠤ ᠵᠦᠢᠯᠡᠰ ᠢ ᠣᠯᠠᠨ ᠲᠦᠮᠡᠨ ᠳᠤ ᠨᠠᠷᠢᠯᠢᠭ ᠬᠦᠯᠢᠴᠡᠩᠭᠦᠶ ᠶᠠᠷᠢᠵᠤ | ᠤᠶᠢᠯᠠᠭᠠᠭᠤᠯᠣᠨ᠂ ᠣᠯᠠᠨ ᠲᠦᠮᠡᠨ ᠤ ᠳᠤᠷᠠᠳᠤᠭᠰᠠᠨ ᠬᠠᠮᠢᠶ᠎ᠠ ᠪᠦᠬᠦᠢ ᠠᠰᠠᠭᠤᠯᠲᠠ ᠳᠤ ᠨᠠᠷᠢᠨ ᠲᠠᠶᠢᠯᠪᠤᠷᠢᠯᠠᠯᠲᠠ | ᠥᠭᠴᠡᠶ᠃ | | | | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠣᠯᠠᠨ ᠲᠦᠮᠡᠨ ᠤ ᠭᠤᠷᠪᠠᠨ | ᠬᠦᠷᠳᠦᠲᠦ᠂ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠳᠤ ᠳᠠᠩᠰᠠᠯᠠᠯᠲᠠ ᠬᠢᠵᠦ ᠫᠠᠶᠢᠰᠡ ᠡᠯᠭᠦᠬᠦ | ᠵᠢᠷᠤᠮᠵᠢᠭᠰᠠᠨ ᠬᠠᠮᠢᠶᠠᠷᠤᠯᠲᠠ ᠶᠢᠨ ᠲᠤᠬᠠᠶ ᠲᠠᠨᠢᠯᠲᠠ ᠶᠢ ᠭᠦᠡᠵᠡᠭᠡᠶᠢᠷᠡᠭᠦᠯᠤᠨ᠂ ᠥᠷᠭᠡᠨ ᠣᠯᠠᠨ ᠲᠦᠮᠡᠨ ᠤ ᠫᠠᠶᠢᠰᠠ | ᠡᠯᠭᠦᠬᠦ ᠠᠵᠢᠯ ᠤᠨ ᠲᠤᠬᠠᠶ ᠤᠶᠢᠯᠠᠭᠠᠯᠳᠡ ᠳᠡᠮᠵᠢᠯᠭᠡ ᠪᠠ ᠬᠠᠮᠵᠢᠯᠴᠠᠭ᠎ᠠ ᠶᠢ ᠬᠦᠷᠲᠡᠵᠦ᠂ ᠭᠤᠷᠪᠠᠨ ᠬᠦᠷᠳᠦᠲᠦ᠂ | ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠳᠤ ᠳᠠᠩᠰᠠᠯᠠᠯᠲᠡ ᠬᠢᠵᠦ ᠫᠠᠶᠢᠰᠡ ᠡᠯᠭᠦᠬᠦ ᠠᠵᠢᠯ ᠳᠤ | ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠨ ᠥᠭᠴᠦ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠣᠷᠴᠢᠨ ᠨᠥᠬᠦᠴᠡᠯ ᠢ ᠪᠦᠬᠦ ᠲᠠᠯ᠎ᠠ ᠪᠠᠷ ᠴᠡᠪᠡᠷᠰᠢᠭᠦᠯᠬᠦ ᠳᠤ ᠢᠳᠡᠪᠬᠢ ᠦᠢᠯᠡᠳᠦᠯ ᠦᠵᠡᠭᠦᠯᠦᠭᠰᠡᠨ | ᠪᠠᠶᠢᠨ᠎ᠠ᠃ |