ᠣᠳᠣ ᠪᠣᠯ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠴᠢᠬᠤᠯᠠ ᠴᠠᠭ ᠬᠤᠭᠤᠴᠠᠭ᠎ᠠ | ᠪᠠᠶᠢᠵᠤ᠂ 2024 ᠣᠨ ᠤ ᠨᠠᠮᠤᠷ ᠡᠪᠦᠯ ᠤᠨ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠨ ᠤᠨᠲᠠᠷᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠲᠦᠮᠡᠨ ᠤ ᠭᠠᠯ ᠢ ᠰᠡᠷᠭᠡᠶᠢᠯᠡᠬᠦ | ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠰᠠᠶᠢᠬᠠᠡᠳᠠᠯᠠ ᠰᠤᠮᠤ ᠠᠵᠢᠯ ᠤᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠬᠠᠮᠢᠶᠠᠷᠤᠯᠲᠠ ᠪᠠᠨ ᠴᠢᠩᠭᠠᠳᠬᠠᠵᠤ᠂ | ᠡᠷᠲᠡ ᠠᠴᠠ ᠰᠡᠷᠭᠡᠶᠢᠯᠡᠬᠦ ᠶᠢ ᠪᠠᠷᠢᠮᠲᠠᠯᠠᠨ᠂ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ | | | | ᠠᠵᠢᠯ ᠢᠶᠠᠨ ᠤᠷᠢᠳᠴᠢᠯᠠᠨ ᠪᠠᠶᠢᠷᠢᠯᠠᠭᠤᠯᠵᠤ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢ | ᠪᠣᠳᠠᠲᠠᠶᠢᠵᠢᠭᠤᠯᠪᠠ᠃ ᠪᠥᠬᠦ ᠰᠤᠮᠤ ᠪᠠᠷ ᠢᠶᠠᠨ ᠴᠠᠭ ᠦᠷᠭᠦᠯᠵᠢ ᠦᠵᠡᠯ ᠰᠠᠨᠠᠭᠠᠨ ᠤ ᠬᠥᠪᠴᠢ ᠶᠢ ᠴᠢᠩᠭᠠᠯᠠᠵᠤ᠂ | ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠣᠳᠣᠬᠠᠨ ᠤ ᠴᠢᠬᠤᠯᠠ ᠠᠵᠢᠯ ᠪᠣᠯᠭᠠᠨ | ᠠᠳᠬᠤᠵᠤ᠂ 5 ᠤᠳᠠᠭᠠᠨ ᠤ ᠠᠵᠢᠯ ᠤᠨ ᠪᠠᠶᠢᠷᠢᠯᠠᠭᠤᠯᠣᠯᠳᠡ ᠶᠢᠨ ᠬᠤᠷᠠᠯ ᠬᠤᠷᠠᠯᠳᠤᠭᠤᠯᠤᠨ᠂ ᠤᠢ ᠰᠢᠭᠤᠶ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠳᠠᠬᠢᠨ ᠲᠣᠬᠢᠷᠠᠭᠤᠯᠵᠤ ᠳᠠᠬᠢᠨ | ᠳᠠᠶᠢᠴᠢᠯᠠᠬᠤ ᠶᠢᠨ ᠬᠠᠮᠲᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠲᠤᠰᠬᠠᠶ | ᠠᠩᠭᠢ ᠪᠠᠶᠢᠭᠤᠯᠵᠤ᠂ ︽ᠰᠡᠷᠭᠡᠶᠢᠯᠡᠬᠦ ᠪᠠᠷ ᠭᠤᠤᠯ ᠪᠣᠯᠭᠠᠨ᠂ ᠴᠢᠩᠭ᠎ᠠ ᠰᠡᠷᠭᠡᠶᠢᠯᠡᠨ ᠴᠢᠩᠭ᠎ᠠ ᠰᠠᠬᠢᠬᠤ︾ ᠵᠠᠷᠴᠢᠮ | ᠶᠣᠰᠣᠭᠠᠷ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢ ᠪᠣᠳᠠᠲᠠᠶ ᠬᠡᠮᠵᠢᠶᠡᠵᠢᠭᠦᠯᠦᠨ | ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠳᠤᠭᠤᠶᠢᠯᠠᠩ ᠳᠤ ᠬᠤᠪᠢᠶᠠᠷᠢᠯᠠᠨ ᠲᠤᠤᠷᠵᠢᠯᠲᠠ ᠶᠢᠨ | ᠬᠠᠮᠢᠶᠠᠷᠤᠯᠲᠠ ᠶᠢ ᠬᠡᠷᠡᠭᠵᠢᠭᠦᠯᠪᠡ᠃ ᠣᠢ ᠰᠢᠭᠤᠶ ᠶᠢᠨ ᠬᠠᠮᠠᠭᠠᠯᠠᠭᠴᠢ ᠶᠢᠨ ᠪᠣᠳᠠᠲᠠᠶ ᠪᠠᠶᠢᠳᠠᠯ ᠳᠤ ᠴᠢᠭᠯᠡᠭᠦᠯᠦᠨ᠂ | 2 ᠤᠳᠠᠭ᠎ᠠ ᠠᠵᠢᠯᠯᠠᠭ᠎ᠠ ᠵᠣᠬᠢᠶᠠᠨ ᠪᠠᠶᠢᠭᠤᠯᠤᠨ 80 ᠬᠥᠮᠦᠨ ᠤᠳᠠᠭ᠎ᠠ ᠳᠤ ᠪᠣᠯᠪᠠᠰᠤᠷᠠᠯ ᠬᠦᠷᠲᠡᠭᠡᠵᠦ᠂ ᠣᠢ | ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭᠠᠲᠤ ᠤᠬᠠᠮᠰᠠᠷ ᠪᠠ ᠡᠭᠦᠷᠭᠡ | ᠬᠠᠷᠢᠭᠤᠴᠠᠯᠭ᠎ᠠ ᠪᠠᠨ ᠭᠦᠢᠴᠡᠣᠡᠭᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠢ ᠰᠢᠭᠤᠶ ᠶᠢᠨ | ᠬᠠᠮᠠᠭᠠᠯᠠᠭᠴᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠣᠨ ᠪᠠᠳᠠᠷᠠᠭᠤᠯᠤᠨ᠂ ᠬᠥᠬᠡᠮᠳᠦᠭ ᠨᠣᠭᠤᠭᠠᠨ | ᠠᠭᠤᠯᠠ ᠤᠰᠤ ᠪᠠᠨ ᠰᠠᠶᠢᠲᠤᠷ ᠰᠠᠬᠢᠨ ᠬᠠᠮᠠᠭᠠᠯᠠᠬᠤ ᠳᠤ ᠪᠠᠲᠤᠯᠠᠭ᠎ᠠ ᠬᠠᠩᠭᠠᠪᠠ᠃ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠤᠨ᠂ ᠤᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠦᠵᠡᠯ ᠤᠬᠠᠮᠰᠠᠷ ᠢ | ᠳᠡᠭᠡᠭᠰᠢᠯᠡᠭᠦᠯᠪᠡ᠃ ᠦᠨᠳᠦᠰᠦᠨ ᠱᠠᠲᠤᠨ ᠤ ᠣᠯᠠᠨ ᠲᠦᠮᠡᠨ ᠤ ᠭᠠᠯ ᠢ ᠰᠡᠷᠭᠡᠶᠢᠯᠡᠬᠦ ᠤᠬᠠᠮᠰᠠᠷ ᠢ ᠦᠨᠡᠨᠬᠦ | ᠳᠡᠭᠡᠭᠰᠢᠯᠡᠭᠦᠯᠵᠦ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠬᠤ ᠶᠢᠨ | ᠲᠤᠰᠠᠳᠠ᠂ ᠸᠢᠴᠠᠲ ᠲᠠᠪᠴᠠᠩ ᠤᠨ ᠣᠯᠠᠨ ᠨᠡᠶᠢᠲᠡ ᠶᠢᠨ ᠳ᠋ᠤᠭᠠᠷ ᠭᠠᠴᠠᠭᠠᠨ ᠤ ᠸᠢᠴᠠᠲ ᠬᠤᠯᠪᠣᠭ᠎ᠠ ᠴᠣᠭᠯᠠᠷᠠᠯ | ᠵᠡᠷᠭᠡ ᠶᠢ ᠠᠰᠢᠡᠡᠯᠠᠨ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠯᠪᠠᠨ ᠵᠠᠷᠯᠠᠯ | ᠵᠡᠷᠭᠡ ᠶᠢ ᠳᠠᠮᠵᠢᠭᠤᠯᠤᠨ ᠬᠦᠷᠭᠡᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠭᠰᠡᠨ ᠪᠥᠭᠡᠳ | ᠬᠥᠨᠳᠡᠯᠡᠨ ᠪᠢᠴᠢᠭᠡᠰᠦ ᠡᠯᠭᠦᠬᠦ᠂ ᠨᠡᠭᠦᠳᠡᠯ ᠤᠬᠠᠭᠤᠯᠭ᠎ᠠ ᠶᠢᠨ ᠲᠡᠷᠭᠡ ᠬᠥᠳᠡᠯᠭᠡᠬᠦ᠂ ᠡᠷᠦᠬᠡ ᠳᠤ ᠣᠷᠣᠵᠤ | ᠰᠤᠷᠪᠤᠯᠵᠢᠯᠠᠨ ᠤᠬᠠᠭᠤᠯᠬᠤ ᠵᠡᠷᠭᠡ ᠠᠷᠭ᠎ᠠ ᠬᠡᠯᠪᠡᠷᠢ ᠪᠠᠷ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ | ᠤᠨᠲᠠᠷᠠᠭᠠᠬᠤ ᠮᠡᠳᠡᠯᠭᠡ ᠮᠡᠳᠡᠴᠡ ᠶᠢ ᠲᠦᠭ ᠲᠦᠮᠡᠨ ᠠᠶᠢᠯ ᠡᠷᠦᠬᠡ ᠳᠤ ᠬᠦᠷᠭᠡᠨ ᠲᠦᠭᠡᠮᠡᠯᠵᠢᠯᠡᠭᠦᠯᠪᠡ᠃ | | | | ᠭᠠᠯ ᠤᠨᠲᠠᠷᠠᠭᠠᠬᠤ ᠰᠣᠷᠢᠯᠲᠠ ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠪᠠᠲᠤ ᠴᠣᠭᠴᠠᠯᠠᠪᠠ᠃ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠡᠩᠨᠡᠭᠡᠨ ᠤ | ᠮᠡᠷᠭᠡᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠪᠣᠯᠤᠨ ᠪᠠᠴᠢᠮ ᠪᠠᠶᠢᠳᠡᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠨᠠᠮᠤᠷ ᠤᠨ ᠤᠯᠠᠷᠢᠯ ᠤᠨ ᠭᠠᠯ ᠢ ᠰᠡᠷᠭᠡᠶᠢᠯᠡᠨ | ᠤᠨᠲᠠᠷᠠᠭᠠᠬᠤ ᠪᠠᠴᠢᠮ ᠪᠠᠶᠢᠳᠡᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠢᠭᠤᠯᠤᠨ ᠥᠷᠨᠢᠭᠦᠯᠵᠦ᠂ ᠬᠠᠮᠢᠶ᠎ᠠ | ᠪᠦᠬᠦᠢ ᠠᠵᠢᠯᠲᠠᠨ ᠠᠴᠠ ᠪᠠᠴᠢᠮ ᠪᠠᠶᠢᠳᠠᠯ ᠢ ᠠᠷᠭᠠᠴᠠᠭᠠᠬᠤ ᠶᠠᠪᠤᠴᠠ ᠪᠣᠯᠤᠨ ᠭᠤᠤᠯᠳᠠᠯᠭ᠎ᠠ ᠶᠢ ᠲᠠᠶᠢᠯᠪᠤᠷᠢᠯᠠᠨ | ᠵᠢᠭᠠᠵᠤ᠂ ᠡᠩᠨᠡᠭᠡᠨ ᠤ ᠬᠥᠮᠦᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ᠂ ᠠᠮᠤᠷ | ᠲᠦᠪᠰᠢᠨ ᠤ ᠦᠵᠡᠯ ᠤᠬᠠᠮᠰᠠᠷ ᠪᠣᠯᠤᠨ ᠲᠤᠰᠬᠠᠶ ᠮᠡᠷᠭᠡᠵᠢᠯ ᠤᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ | ᠴᠢᠮᠡᠭᠡᠯᠡᠭᠴᠢ᠄ ᠴᠡᠯᠡᠭᠡᠷ | | |