ᠠᠷᠤ ᠬᠤᠷᠴᠢᠨᠴᠤᠳ ᠲᠤ ᠠᠪᠴᠤ ᠬᠡᠯᠡᠪᠡᠯ᠂ ᠰᠦ ᠲᠠᠢ ᠴᠠᠢ ᠨᠢ ᠨᠢᠭᠡ ᠵᠦᠢᠯ ᠤᠨ ᠠᠮᠲᠠᠲᠤ ᠤᠮᠳᠠᠭᠠᠨ | ᠪᠣᠯᠬᠤ ᠪᠠᠷ ᠪᠠᠷᠠᠬᠤ ᠦᠭᠡᠢ ᠪᠠᠰᠠ ᠨᠢᠭᠡ ᠵᠦᠢᠯ ᠤᠨ ᠭᠡᠷ ᠪᠦᠯᠢ ᠶᠢᠨ ᠦᠨᠦᠷ ᠠᠮᠲᠠ ᠪᠣᠯᠤᠨ᠎ᠠ᠂ ᠨᠢᠭᠡ ᠪᠦᠯᠦᠭ | ᠬᠥᠮᠦᠰ ᠰᠦ ᠲᠠᠢ ᠴᠠᠢ ᠤᠤᠭᠤᠵᠤ ᠠᠮᠢᠳᠤᠷᠠᠯ ᠤᠨ ᠵᠢᠵᠢᠭ ᠰᠠᠵᠢᠭ ᠠᠰᠠᠭᠤᠳᠠᠯ ᠢᠶᠠᠨ ᠬᠠᠮᠲᠤ ᠪᠠᠷ ᠰᠢᠢᠳᠪᠦᠷᠢᠯᠡᠵᠦ | ᠪᠠᠶᠢᠨ᠎ᠠ᠃ ︽ᠰᠦ ᠲᠠᠢ ᠴᠠᠢ ᠶᠢᠨ ᠬᠡᠷᠡᠭ ᠵᠥᠪᠯᠡᠬᠦ ᠬᠤᠷᠠᠯ︾ ᠨᠢ ᠣᠯᠠᠨ ᠲᠦᠮᠡᠨ ᠤ ᠬᠡᠷᠡᠭ ᠵᠥᠪᠯᠡᠬᠦ ᠨᠢᠭᠡ | ᠵᠦᠢᠯ ᠤᠨ ᠠᠴᠢᠶᠠᠯᠠᠪᠤᠷᠢ ᠪᠣᠯᠤᠭᠰᠠᠨ ᠢᠶᠠᠷ ᠪᠠᠷᠠᠬᠤ ᠦᠭᠡᠶ ᠦᠨᠳᠦᠰᠦᠨ ᠱᠠᠲᠤᠨ ᠤ ᠵᠠᠰᠠᠯᠲᠠ ᠶᠢᠨ ᠨᠢᠭᠡ ᠵᠦᠢᠯ ᠤᠨ | ᠣᠨᠴᠠᠭᠠᠶ ᠬᠦᠴᠦᠨ ᠪᠣᠯᠵᠤ ᠪᠣᠶᠢᠵᠢᠡᠡᠰᠡᠨ ᠶᠤᠮ᠂ ︽ᠶᠠᠮᠠᠷ ᠣᠴᠢᠷ ᠢ ᠴᠤ ᠭᠡᠰᠡᠨ ᠰᠦ ᠲᠠᠢ ᠴᠠᠢ ᠶᠢᠨ ᠬᠤᠷᠠᠯ | ᠳᠡᠭᠡᠷ᠎ᠡ ᠠᠪ ᠠᠮᠠᠷᠬᠠᠨ ᠰᠢᠢᠳᠪᠦᠷᠢᠯᠡᠴᠢᠬᠡᠨ᠎ᠡ︾᠂ ᠤᠣ ᠮᠥᠷᠡᠨ ᠵᠡᠭᠡᠯᠢ ᠭᠤᠳᠤᠮᠵᠢ ᠶᠢᠨ ᠪᠧᠶ ᠱᠠᠨ ᠨᠡᠶᠢᠭᠡᠮ | ᠲᠣᠭᠤᠷᠢᠭ ᠨᠢ ᠭᠠᠷᠠᠭ ᠤᠨ ᠭᠤᠷᠪᠠᠨ ᠪᠣᠯᠭᠠᠨ ᠳᠤ ᠰᠦ ᠲᠠᠢ ᠴᠠᠢ ᠶᠢᠨ ᠬᠡᠷᠡᠭ ᠵᠥᠪᠯᠡᠬᠦ ᠬᠤᠷᠠᠯ | ᠬᠤᠷᠠᠯᠳᠤᠭᠤᠯᠬᠤ ᠪᠠᠨ ᠨᠢᠭᠡᠨ ᠵᠤᠷᠰᠢᠯ ᠪᠣᠯᠭᠠᠨ ᠪᠠᠷᠢᠮᠲᠠᠯᠠᠵᠤ ᠢᠷᠡᠭᠰᠡᠨ ᠢᠶᠠᠷ ᠡᠨᠡᠬᠦ ᠬᠤᠷᠠᠯ ᠨᠢ ᠦᠨᠳᠦᠰᠦᠨ | ᠱᠠᠲᠤᠨ ᠤ ᠵᠠᠰᠠᠯᠲᠠ ᠶᠢᠨ ᠴᠢᠬᠤᠯᠠ ᠨᠢᠭᠡᠨ ᠠᠪᠲᠠᠯ ᠬᠢᠳᠡᠯ ᠪᠣᠯᠤᠭᠰᠠᠨ ᠶᠤᠮ᠃ | | | | ︽ᠵᠠ ᠡᠶᠢᠰᠢ ᠪᠠᠨ ᠰᠠᠭᠤ᠂ ᠴᠠᠢ ᠤᠤᠭᠤᠵᠤ ᠠᠭᠤᠵᠢᠷᠠᠲᠠᠯ᠎ᠠ ᠵᠣᠭᠤᠭᠳᠠᠶᠠ᠂ ᠪᠢ ᠲᠠᠨ ᠳᠤ ᠬᠠᠯᠠᠭᠤᠨ | ᠴᠠᠢ ᠠᠶᠠᠭᠠᠯᠠᠵᠤ ᠥᠭᠬᠦᠶ᠎ᠡ︾ ᠣᠷᠴᠢᠮ᠂ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠨᠢ | ᠰᠠᠭᠤᠭᠠᠯᠢ ᠠᠷᠠᠳ ᠤᠨ ᠰᠡᠳᠬᠢᠯ ᠤᠨ ᠡᠪᠡᠳᠴᠢᠨ ᠪᠣᠯᠵᠤ᠂ ᠭᠠᠳᠠᠭᠰᠢ ᠭᠠᠷᠬᠤ ᠶᠢ ᠨᠥᠯᠥᠭᠡᠯᠡᠬᠦ ᠪᠠᠷ ᠪᠠᠷᠠᠬᠤ | ᠥᠬᠡᠶ᠂ ᠪᠠᠰᠠ ᠪᠠᠭ᠎ᠠ ᠪᠤᠰᠤ ᠠᠮᠤᠷ ᠲᠦᠪᠰᠢᠨ ᠤ ᠭᠡᠮ ᠰᠣᠭᠤᠭ ᠠᠪᠴᠢᠷᠠᠭᠰᠠᠨ ᠢᠶᠠᠷ ᠪᠧᠶ ᠱᠠᠨ ᠨᠡᠶᠢᠭᠡᠮ | ᠲᠣᠭᠤᠷᠢᠭ ᠤᠨ ᠬᠢᠨ ᠰᠠᠭᠤᠭᠠᠯᠢ ᠠᠷᠠᠳ ᠢ ᠤᠷᠢᠵᠤ ᠬᠠᠮᠲᠤ ᠳᠠᠭᠠᠨ ᠰᠦ ᠲᠠᠢ ᠴᠠᠢ ᠤᠤᠭᠤᠵᠤ᠂ ᠠᠷᠭᠠᠴᠠᠭᠠᠬᠤ | ᠠᠷᠭ᠎ᠠ ᠲᠥᠰᠦᠪ ᠵᠥᠪᠳᠡᠯᠴᠡᠵᠡᠶ᠃ | | | | ᠪᠧᠶ ᠱᠠᠨ ᠨᠡᠶᠢᠭᠡᠮ ᠲᠣᠭᠤᠷᠢᠭ ︽ᠰᠦ ᠲᠠᠢ ᠴᠠᠢ ᠶᠢᠨ ᠬᠡᠷᠡᠭ ᠵᠥᠪᠯᠡᠬᠦ ᠬᠤᠷᠠᠯ︾ ᠰᠠᠭᠤᠭᠠᠯᠢ | ᠠᠷᠠᠳ ᠤᠨ ᠬᠤᠭᠤᠷᠣᠨᠳᠣᠬᠢ ᠠᠷᠰᠠᠷ ᠵᠢᠵᠢᠭ ᠰᠠᠵᠢᠭ ᠤᠴᠢᠷ ᠢ ᠲᠤᠰᠬᠠᠶ ᠬᠥᠮᠦᠨ ᠬᠠᠮᠢᠶᠠᠷᠴᠤ᠂ ᠬᠥᠷᠰᠢ | ᠵᠡᠷᠭᠡᠯᠡᠳᠡᠭᠡ ᠶᠢᠨ ᠰᠡᠳᠬᠢᠯ ᠤᠨ ᠵᠠᠩᠭᠢᠷᠠᠭ᠎ᠠ ᠶᠢ ᠲᠤᠰᠬᠠᠶ ᠬᠥᠮᠦᠨ ᠰᠢᠢᠳᠪᠦᠷᠢᠯᠡᠵᠦ᠂ ᠤᠯᠠᠨ ᠲᠦᠮᠡᠨ ᠤ ᠵᠥᠷᠢᠴᠡᠯ | ᠮᠥᠷᠭᠦᠯᠳᠦᠭᠡᠨ᠂ ᠰᠠᠨᠠᠯ ᠰᠠᠨᠠᠭᠤᠯᠭ᠎ᠠ ᠶᠢ ᠰᠦ ᠲᠠᠢ ᠴᠠᠢ ᠶᠢᠨ ᠬᠤᠷᠠᠯ ᠳᠤ ᠣᠷᠣᠭᠤᠯᠤᠨ ᠶᠠᠷᠢᠯᠴᠠᠵᠤ᠂ ᠮᠢᠩᠭ᠎ᠠ | ᠲᠦᠮᠡᠨ ᠡᠷᠦᠬᠡ ᠶᠢᠨ ᠭᠡᠷ ᠵᠠᠭᠤᠷ᠎ᠠ ᠶᠢᠨ ᠶᠠᠪᠤᠳᠠᠯ ᠢ ᠡᠶᠡᠳᠡᠭᠦᠯᠵᠦ᠂ ᠮᠢᠩᠭ᠎ᠠ ᠲᠦᠮᠡᠨ ᠬᠥᠮᠦᠨ ᠤ ᠰᠡᠳᠬᠢᠯ ᠢ | ᠳᠤᠯᠠᠭᠠᠴᠠᠭᠤᠯᠵᠠᠶ᠃ ᠣᠳᠣᠬᠠᠨ ᠪᠣᠯᠲᠠᠯ᠎ᠠ᠂ ᠣᠯᠠᠨ ᠲᠦᠮᠡᠨ ᠤ ᠪᠠᠴᠢᠮᠳᠠᠨ ᠰᠠᠨᠳᠤᠷᠴᠤ ᠪᠠᠶᠢᠭ᠎ᠠ ᠬᠦᠴᠢᠷᠳᠡᠵᠦ | ᠪᠠᠶᠢᠭ᠎ᠠ ᠬᠦᠰᠡᠨ ᠡᠷᠡᠮᠡᠯᠵᠡᠯᠡᠵᠦ ᠪᠠᠶᠢᠭ᠎ᠠ ᠠᠰᠠᠭᠤᠳᠠᠯ ᠢ 44 ᠵᠤᠷᠪᠤᠰ ᠬᠤᠷᠢᠶᠠᠨ ᠴᠤᠭᠯᠠᠭᠤᠯᠵᠤ᠂ 36 | ᠠᠰᠠᠭᠤᠳᠠᠯ ᠢ ᠰᠢᠢᠳᠪᠦᠷᠢᠯᠡᠨ᠂ ︽ᠬᠤᠷᠢᠶᠠᠨ ᠴᠤᠭᠯᠠᠭᠤᠯᠬᠤ — ᠵᠥᠪᠳᠡᠯᠴᠡᠬᠦ ᠨᠠᠶᠢᠳᠠᠪᠤᠷᠢᠵᠢᠭᠤᠯᠬᠤ — | ᠬᠠᠷᠢᠭᠤ ᠲᠤᠰᠬᠠᠬᠤ︾ ᠵᠠᠰᠠᠯᠲᠠ ᠶᠢᠨ ᠵᠠᠭᠪᠤᠷ ᠢ ᠪᠦᠷᠢᠯᠳᠦᠭᠦᠯᠵᠦ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ | ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠪᠡ᠃ | | | | ᠬᠤᠷᠠᠯ ᠤᠨ ᠳᠠᠷᠠᠭ᠎ᠠ᠂ ᠨᠡᠶᠢᠭᠡᠮ ᠲᠣᠭᠤᠷᠢᠭ ᠤᠨ ᠱᠦᠵᠢ ᠲᠤᠤᠷᠵᠢᠯ ᠤᠨ ᠳᠠᠷᠤᠭ᠎ᠠ᠂ ᠲᠤᠤᠷᠵᠢᠯ ᠤᠨ | ᠠᠵᠢᠯᠲᠠᠨ ᠢ ᠳᠠᠭᠠᠭᠤᠯᠤᠨ ᠡᠷᠦᠬᠡ ᠳᠤ ᠬᠦᠷᠴᠦ ᠰᠤᠷᠪᠤᠯᠵᠢᠯᠠᠨ᠂ ᠠᠰᠠᠭᠤᠳᠠᠯ ᠢ ᠰᠢᠢᠳᠪᠦᠷᠢᠯᠡᠭᠰᠡᠨ ᠦᠷ᠎ᠡ | ᠪᠦᠲᠦᠮᠵᠢ ᠳᠤ ᠬᠠᠷᠢᠭᠤ ᠰᠤᠷᠪᠤᠯᠵᠢᠯᠠᠭ᠎ᠠ ᠬᠢᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠣᠶᠢᠯᠠᠭᠠᠵᠤ᠂ | ᠵᠥᠪᠯᠡᠬᠦ ᠵᠦᠢᠯ ᠪᠦᠬᠦᠨ ᠢ ᠨᠠᠶᠢᠳᠠᠪᠤᠷᠢᠵᠢᠭᠤᠯᠵᠤ ᠶᠠᠪᠤᠳᠠᠯ ᠪᠦᠬᠦᠨ ᠳᠤ ᠬᠠᠷᠢᠭᠤᠯᠲᠠ ᠥᠭᠪᠡ᠃ | ᠣᠶᠢᠯᠠᠭᠠᠡᠡᠰᠡᠨ ᠢᠶᠠᠷ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠨᠡᠶᠢᠭᠡᠮ | ᠲᠣᠭᠤᠷᠢᠭ ᠤᠨ ᠵᠠᠰᠠᠯᠲᠠ ᠶᠢᠨ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠬᠦ ᠶᠢᠨ ᠲᠥᠯᠥᠭᠡ᠂ ᠤᠣ ᠮᠥᠷᠡᠨ | ᠵᠡᠭᠡᠯᠢ ᠭᠤᠳᠤᠮᠵᠢ ᠶᠢᠨ ᠪᠧᠶ ᠱᠠᠨ ᠨᠡᠶᠢᠭᠡᠮ ᠲᠣᠭᠤᠷᠢᠭ ᠨᠢ ᠤᠤᠯ ᠤᠨ ᠺᠠᠳ᠋ᠷ ︽ᠭᠠᠭᠴᠠ ᠬᠥᠮᠦᠨ ᠤ ᠰᠢ︾ | ᠳᠠᠭᠤᠯᠠᠵᠤ ᠪᠠᠶᠢᠭᠰᠠᠨ ᠪᠠᠶᠢᠳᠡᠯ ᠠᠴᠠ ᠣᠯᠠᠨ ᠲᠦᠮᠡᠨ ᠢ ᠢᠯᠡᠭᠦᠬᠡᠨ ᠣᠷᠣᠯᠴᠠᠭᠤᠯᠵᠤ᠂ ᠣᠯᠠᠨ ᠲᠦᠮᠡᠨ ᠲᠠᠢ | ᠬᠠᠮᠲᠤ ᠪᠠᠷ ᠰᠢᠢᠳᠪᠦᠷᠢᠯᠡᠭᠰᠡᠨ ᠢᠶᠠᠷ᠂ ᠣᠯᠠᠨ ᠲᠦᠮᠡᠨ ᠤ ᠡᠵᠡᠨ ᠬᠥᠮᠦᠨ ᠤ ᠤᠬᠠᠮᠰᠠᠷ ᠲᠠᠰᠤᠷᠠᠯᠲᠠ ᠦᠭᠡᠢ | ᠴᠢᠩᠭᠠᠷᠠᠵᠤ᠂ ᠣᠷᠣᠯᠴᠠᠬᠤ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠵᠦ᠂ ᠦᠨᠳᠦᠰᠦᠨ ᠱᠠᠳᠤᠨ ᠤ ᠵᠠᠰᠠᠯᠲᠠ ᠶᠢᠨ | ᠠᠵᠢᠯ ᠤᠨ ᠬᠠᠮᠲᠤ ᠪᠠᠷ ᠪᠠᠶᠢᠭᠤᠯᠵᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ ᠰᠢᠨ᠎ᠡ ᠪᠠᠶᠢᠳᠡᠯ ᠢ ᠬᠦᠴᠦᠯᠡᠨ | ᠪᠣᠢ ᠪᠣᠯᠭᠠᠭᠰᠠᠨ ᠶᠤᠮ᠃ ︵ᠯᠢ ᠬᠤᠸᠠᠨ ᠢᠦᠶ︶ |