ᠲᠠᠯ᠎ᠠ ᠨᠤᠲᠤᠭ ᠤᠨ ᠮᠠᠯᠴᠢᠳ ᠵᠢᠴᠢ ᠲᠠᠯ᠎ᠠ ᠨᠤᠲᠤᠭ ᠤᠨ ᠭᠡᠷ ᠤᠨ ᠭᠠᠳᠠᠨᠠᠬᠢ ᠬᠥᠳᠡᠯᠮᠦᠷᠢᠴᠢᠳ ᠤᠨ | ᠪᠠᠴᠢᠮ ᠪᠠᠶᠢᠳᠠᠯ ᠢ ᠠᠷᠭᠠᠴᠠᠬᠤ ᠬᠡᠷᠡᠭᠴᠡᠭᠡ ᠶᠢ ᠰᠢᠢᠳᠪᠦᠷᠢᠯᠡᠬᠦ ᠶᠢᠨ ᠲᠥᠯᠥᠭᠡ᠂ ᠠᠷᠤ ᠬᠤᠷᠴᠢᠨ ᠬᠤᠰᠢᠭᠤᠨ ᠤ | ᠠᠵᠢᠯᠴᠢᠨ ᠤ ᠶᠡᠷᠦᠩᠬᠡᠶ ᠡᠪᠯᠡᠯ ᠪᠥᠬᠦ ᠤᠯᠤᠰ ᠤᠨ ᠠᠩᠬᠠᠳᠠᠭᠴᠢ ᠨᠡᠭᠦᠳᠡᠯ ᠮᠠᠯᠵᠢᠯ ᠤᠨ ᠣᠷᠣᠨ ᠤ ︽ᠣᠲᠣᠷ︾ | ᠦᠨᠳᠦᠰᠦᠨ ᠱᠠᠲᠤᠨ ᠤ ᠠᠵᠢᠯᠴᠢᠨ ᠤ ᠡᠪᠯᠡᠯ ᠢ ᠪᠠᠶᠢᠭᠤᠯᠵᠤ᠂ ︽ᠪᠠᠭ᠎ᠠ ᠭᠤᠷᠪᠠᠨ ᠱᠠᠳᠣ︾ ᠶᠢᠨ ᠠᠵᠢᠯᠴᠢᠨ ᠤ | ᠡᠪᠯᠡᠯ ᠤᠨ ᠰᠢᠰᠲ᠋ᠧᠮ᠂ ᠪᠦᠬᠦ ᠲᠠᠯ᠎ᠠ ᠪᠠᠷ ᠪᠡᠶᠡᠯᠡᠭᠦᠯᠵᠦ᠂ ᠠᠵᠢᠯᠲᠠᠨ ᠠᠵᠢᠯᠴᠢᠨ ᠣᠯᠠᠨ ᠲᠦᠮᠡᠨ ᠳᠤ ᠦᠢᠯᠡᠴᠢᠯᠡᠬᠦ | ᠬᠠᠮᠤᠭ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠪᠡ᠃ | | | | ︽ᠣᠲᠣᠷ︾ ᠮᠠᠯᠴᠢᠳ ᠤᠨ ᠤᠯᠠᠭ᠎ᠠ ᠥᠷᠲᠡᠭᠡ ᠶᠢ ᠪᠠᠶᠢᠭᠤᠯᠬᠤ ᠪᠠᠷ ᠳᠠᠮᠵᠢᠭᠤᠯᠤᠨ᠂ ᠨᠡᠭᠦᠳᠡᠯ | ᠮᠠᠯᠵᠢᠯ ᠤᠨ ᠣᠷᠣᠨ ᠤ ᠠᠵᠢᠯᠲᠠᠨ ᠠᠵᠢᠯᠴᠢᠨ ᠲᠦᠮᠡᠨ ᠳᠤ ᠲᠦᠷ ᠴᠠᠭ ᠤᠨ ᠢᠳᠡᠵᠦ ᠤᠤᠭᠤᠬᠤ ᠬᠤᠨᠣᠵᠤ | ᠬᠡᠪᠲᠡᠬᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠵᠡᠷᠭᠡ ᠪᠥᠬᠦ ᠲᠠᠯ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠦᠢᠯᠡᠴᠢᠯᠡᠭᠡ ᠬᠠᠩᠭᠠᠵᠤ᠂ ᠤᠯᠠᠭ᠎ᠠ ᠥᠷᠲᠡᠭᠡ ᠶᠢ ᠠᠵᠢᠯᠲᠠᠨ ᠠᠵᠢᠯᠴᠢᠨ ᠮᠠᠯᠴᠢᠳ ᠤᠨ ᠬᠦᠴᠦ ᠴᠢᠳᠠᠯ ᠢᠶᠠᠨ | ᠰᠠᠯᠪᠢᠬᠦ ᠪᠣᠯᠤᠨ ᠲᠦᠷ ᠠᠮᠠᠷᠠᠬᠤ ᠥᠷᠲᠡᠭᠡ ᠪᠣᠯᠭᠠᠨ ᠪᠠᠢᠭᠤᠯᠪᠠ᠃ ᠡᠭᠦᠨ ᠤ ᠬᠠᠮᠲᠤ᠂ ᠤᠯᠠᠭ᠎ᠠ ᠥᠷᠲᠡᠭᠡ ᠳᠤ | ᠲᠦᠰᠢᠭᠯᠡᠨ ︽ᠠᠨᠠᠷ ᠤᠨ ᠦᠷ᠎ᠡ︾ ᠶᠢᠨ ᠬᠢᠴᠢᠶᠡᠯ ᠤᠨ ᠲᠠᠩᠬᠢᠮ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠣᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ᠂ | ᠤᠯᠠᠭᠠᠨᠮᠥ᠋ᠴᠢᠷ ᠤᠨ ᠬᠢᠨ ᠰᠣᠶᠣᠯ ᠢ ᠦᠨᠳᠦᠰᠦᠨ ᠱᠠᠲᠤᠨ ᠳᠤ ᠬᠦᠷᠭᠡᠬᠦ ᠵᠡᠷᠭᠡ ᠰᠢᠷᠢᠰ ᠠᠵᠢᠯᠯᠠᠭ᠎ᠠ ᠶᠢ ᠵᠣᠬᠢᠶᠠᠨ | ᠪᠠᠶᠢᠭᠤᠯᠣᠨ ᠥᠷᠨᠢᠭᠦᠯᠵᠦ᠂ ᠬᠠᠤᠯᠢ ᠴᠠᠭᠠᠵᠠ᠂ ᠬᠥᠮᠦᠵᠢᠯ ᠪᠣᠯᠪᠠᠰᠤᠷᠠᠯ ᠢ ᠬᠦᠷᠭᠡᠬᠦ ᠠᠴᠠ ᠬᠠᠶᠢᠷ᠎ᠠ ᠬᠠᠯᠠᠮᠵᠢ᠂ | ᠡᠷᠡᠭᠦᠯ ᠮᠡᠨᠳᠦ ᠶᠢ ᠬᠦᠷᠭᠡᠬᠦ ᠬᠦᠷᠲᠡᠯ᠎ᠡ᠂ ᠬᠦᠴᠢᠷᠳᠡᠯ ᠢ ᠬᠠᠪᠰᠤᠷᠤᠨ ᠲᠡᠳᠬᠦᠬᠦ ᠠᠴᠠ ᠵᠥᠷᠢᠴᠡᠯ ᠢ ᠨᠠᠮᠳᠠᠭᠤᠯᠬᠤ | ᠬᠦᠷᠲᠡᠯ᠎ᠡ᠂ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠣᠯᠠᠨ ᠲᠦᠮᠡᠨ ᠢ ᠲᠠᠰᠤᠷᠠᠯᠲᠠ ᠦᠭᠡᠢ | ᠵᠢᠯᠣᠭᠤᠳᠤᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ᠂ ᠠᠵᠢᠯᠴᠢᠨ ᠤ ᠡᠪᠯᠡᠯ ᠤᠨ | ᠤᠯᠠᠭ᠎ᠠ ᠥᠷᠲᠡᠭᠡ ᠶᠢ ᠦᠨᠡᠨᠬᠦ ᠭᠡᠷ ᠤᠨ ᠭᠠᠳᠠᠨᠠᠬᠢ ᠬᠥᠳᠡᠯᠮᠦᠷᠢᠴᠢᠳ ᠤᠨ ᠪᠣᠳᠣᠵᠤ ᠣᠯᠬᠤ᠂ ᠡᠷᠢᠵᠦ ᠤᠯᠬᠤ᠂ | ᠬᠡᠷᠡᠭᠯᠡᠵᠦ ᠪᠣᠯᠬᠤ ᠬᠠᠯᠠᠭᠤᠨ ᠳᠤᠯᠠᠭᠠᠨ ᠤᠯᠠᠭ᠎ᠠ ᠥᠷᠲᠡᠭᠡ ᠪᠣᠯᠭᠠᠪᠠ᠃ | | | | ᠣᠳᠣ ᠪᠣᠯᠲᠠᠯᠡ᠂ ᠲᠤᠰ ᠠᠵᠢᠯᠴᠢᠨ ᠤ ᠡᠪᠯᠡᠯ ᠨᠢ ᠵᠤᠰᠠᠭᠠᠯ ᠨᠡᠭᠦᠳᠡᠯ ᠤᠨ ᠬᠤᠭᠤᠴᠠᠭᠠᠨ ᠤ | ᠮᠠᠯᠴᠢᠳ ᠲᠤ ᠬᠤᠭ ᠨᠣᠪᠰᠢ ᠴᠡᠪᠡᠷᠯᠡᠬᠦ᠂ ᠡᠮᠬᠢ ᠵᠢᠷᠤᠮ ᠢ ᠬᠠᠮᠠᠭᠠᠯᠠᠬᠤ᠂ ᠲᠡᠷᠭᠡ ᠬᠥᠰᠬᠡ ᠰᠡᠯᠪᠢᠨ ᠵᠠᠰᠠᠬᠤ ᠵᠡᠷᠭᠡ | ᠦᠢᠯᠡᠴᠢᠯᠡᠭᠡ ᠬᠠᠩᠭᠠᠵᠤ᠂ ᠨᠡᠶᠢᠲᠡ 1100 ᠭᠠᠷᠤᠶ ᠬᠥᠮᠦᠨ ᠤᠳᠠᠭ᠎ᠠ ᠳᠤ ᠦᠢᠯᠡᠴᠢᠯᠠᠪᠠ︔ ᠵᠥᠷᠢᠴᠡᠯ | ᠵᠢᠭᠤᠷᠠᠯᠳᠤᠭᠠᠨ ᠢ ᠠᠷᠢᠯᠭᠠᠭᠰᠠᠨ ᠪᠠ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠤᠨ ᠠᠰᠠᠭᠤᠳᠠᠯ ᠢ | ᠪᠦᠲᠦᠮᠵᠢᠲᠡᠶ ᠪᠠᠷ ᠤᠷᠢᠳᠴᠢᠯᠠᠨ ᠰᠡᠷᠡᠮᠵᠢᠯᠡᠭᠦᠯᠦᠭᠰᠡᠨ᠂ ᠡᠶᠡᠳᠡᠭᠦᠯᠦᠭᠰᠡᠨ᠂ ᠰᠢᠢᠳᠪᠦᠷᠢᠯᠡᠭᠰᠡᠨ ᠬᠡᠷᠡᠭ ᠨᠢ 26 | ᠤᠳᠠᠭ᠎ᠠ ᠪᠤᠢ᠃ ᠠᠯᠪᠠᠨ ᠵᠢᠷᠤᠮ ᠤᠨ ᠡᠮᠴᠢᠯᠡᠭᠡ ᠶᠢ 4 ᠲᠠᠯᠠᠪᠤᠷ ᠤᠳᠠᠭ᠎ᠠ ᠥᠷᠨᠢᠭᠦᠯᠵᠦ᠂ 200 ᠭᠠᠷᠤᠶ ᠬᠥᠮᠦᠨ | ᠤᠳᠠᠭ᠎ᠠ ᠳᠤ ᠦᠢᠯᠡᠴᠢᠯᠡᠨ᠂ ᠲᠦᠮᠡ ᠭᠠᠷᠤᠶ ᠲᠥᠭᠦᠷᠢᠭ ᠤᠨ ᠥᠷᠲᠡᠭ ᠪᠦᠬᠦᠢ ᠡᠮ ᠤᠨ ᠵᠦᠢᠯᠡᠰ ᠢ ᠦᠨ᠎ᠡ | ᠲᠥᠯᠥᠪᠦᠷᠢ ᠥᠬᠡᠶ ᠬᠦᠷᠭᠡᠪᠡ︔ ᠦᠢᠯᠡᠴᠢᠯᠡᠭᠡᠨ ᠤ ᠵᠢᠭᠰᠠᠭᠠᠯ ᠤᠨ ᠭᠠᠵᠠᠷ ᠲᠤ ᠲᠦᠰᠢᠭᠯᠡᠨ 12.87 ᠲᠦᠮᠡ | ᠭᠠᠷᠤᠶ ᠦᠬᠡᠷ ᠬᠤᠨᠢ ᠮᠠᠯ ᠤᠨ ᠰᠦᠷᠦᠭ ᠲᠤ ᠠᠮᠢᠲᠠᠨ ᠤ ᠬᠢᠵᠢᠭ ᠤᠨ ᠪᠠᠶᠢᠴᠠᠭᠠᠯᠳᠡ ᠬᠢᠬᠦ᠂ ᠭᠡᠮ ᠬᠢᠵᠢᠭ ᠠᠴᠠ | ᠰᠡᠷᠭᠡᠶᠢᠯᠡᠬᠦ ᠵᠢᠴᠢ ᠡᠮᠨᠡᠨ ᠵᠠᠰᠠᠬᠤ ᠵᠡᠷᠭᠡ ᠦᠢᠯᠡᠴᠢᠯᠡᠭᠡ ᠬᠠᠩᠭᠠᠪᠠ︔ ᠨᠠᠮ ᠤᠨ ᠭᠡᠰᠢᠭᠦᠨ ᠰᠠᠶᠢᠨ ᠳᠤᠷ᠎ᠠ ᠶᠢᠨ | ᠠᠵᠢᠯᠯᠠᠭᠴᠢ ᠶᠢ ᠵᠣᠬᠢᠶᠠᠨ ᠪᠠᠶᠢᠭᠤᠯᠵᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ | ᠠᠵᠢᠯᠯᠠᠭ᠎ᠠ ᠶᠢ 9 ᠤᠳᠠᠭ᠎ᠠ᠂ ᠤᠷᠠᠨ ᠰᠠᠶᠢᠬᠠᠨ ᠤ ᠲᠣᠭᠯᠠᠯᠲᠠ ᠶᠢ 3 ᠤᠳᠠᠭ᠎ᠠ ᠥᠷᠨᠢᠭᠦᠯᠪᠡ᠃ | ᠴᠢᠮᠡᠭᠡᠯᠡᠭᠴᠢ᠄ ᠮᠧᠶ ᠯᠢᠩ | | |