ᠵᠢᠯ ᠤᠨ ᠡᠬᠢᠨ ᠠᠴᠠ ᠨᠠᠭᠠᠰᠢ᠂ ᠠᠷᠤ ᠬᠤᠷᠴᠢᠨ ᠬᠤᠰᠢᠭᠤᠨ ᠤ ᠰᠢᠭᠦᠬᠦ ᠬᠤᠷᠢᠶ᠎ᠠ ᠠᠵᠢᠯ ᠤᠨ | ᠴᠢᠳᠠᠪᠬᠢ ᠪᠠᠨ ᠭᠦᠢᠴᠡᠣᠨ ᠪᠠᠳᠠᠷᠠᠭᠤᠯᠵᠤ᠂ ᠠᠯᠢ ᠣᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠠᠪᠴᠤ | ᠡᠮᠡᠭᠲᠡᠶᠢᠴᠦᠳ ᠪᠠ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ | ᠭᠡᠷ ᠪᠦᠯᠢ ᠶᠢᠨ ᠡᠶ᠎ᠡ ᠨᠠᠶᠢᠷᠠᠮᠳᠠᠭᠤ ᠵᠢᠴᠢ ᠨᠡᠶᠢᠭᠡᠮ ᠤᠨ ᠲᠣᠭᠲᠠᠭᠤᠨ ᠳᠤ ᠪᠠᠲᠤ ᠴᠢᠩᠭ᠎ᠠ ᠬᠠᠤᠯᠢ ᠴᠠᠭᠠᠵᠠ ᠶᠢᠨ | ᠪᠠᠲᠤᠯᠠᠭ᠎ᠠ ᠬᠠᠩᠭᠠᠭᠰᠠᠨ ᠪᠠᠶᠢᠨ᠎ᠠ᠃ | | | | ᠠᠷᠤ ᠬᠤᠷᠴᠢᠨ ᠬᠤᠰᠢᠭᠤᠨ ᠤ ᠰᠢᠭᠦᠬᠦ ᠬᠤᠷᠢᠶ᠎ᠠ ︽ᠤᠷᠢᠳ ᠢᠶᠠᠷ ᠬᠡᠷᠡᠭ ᠪᠣᠯᠭᠠᠨ ᠳᠠᠩᠰᠠᠯᠠᠬᠤ᠂ | ᠤᠷᠢᠳ ᠢᠶᠠᠷ ᠡᠶᠡᠳᠡᠭᠦᠯᠦᠯᠲᠡ ᠬᠢᠬᠦ︾ ᠵᠠᠷᠴᠢᠮ ᠢ ᠢᠮᠠᠭᠲᠠ ᠪᠠᠷᠢᠮᠲᠠᠯᠠᠵᠤ ᠡᠮᠩᠳᠠᠶᠢᠴᠣᠣᠨ ᠪᠠ ᠬᠡᠦᠬᠡᠳ ᠤᠨ ᠡᠷᠬᠡ | ᠠᠰᠢᠭ ᠤᠨ ᠬᠡᠷᠡᠭ ᠢ ᠴᠢᠩᠭ᠎ᠠ ᠨᠢᠮᠪᠠᠶ ᠰᠢᠭᠦᠨ ᠰᠢᠢᠳᠪᠦᠷᠢᠯᠡᠬᠦ ᠠᠷᠭ᠎ᠠ ᠶᠢ ᠬᠡᠷᠡᠭᠵᠢᠭᠦᠯᠵᠦ᠂ ᠨᠠᠷᠢᠨ ᠨᠢᠮᠪᠠᠶ | ᠡᠶᠡᠳᠡᠭᠦᠯᠬᠦ ᠪᠠᠷ ᠳᠠᠮᠵᠢᠭᠤᠯᠤᠨ ᠭᠡᠷ ᠪᠦᠯᠢ ᠶᠢᠨ ᠬᠠᠷᠢᠴᠠᠭ᠎ᠠ ᠶᠢ ᠢᠳᠡᠪᠬᠢᠲᠡᠶ ᠰᠡᠷᠭᠦᠭᠡᠨ ᠵᠥᠷᠢᠴᠡᠯ ᠢ ᠨᠠᠮᠳᠠᠭᠤᠯᠵᠤ᠂ | ᠡᠮᠡᠭᠲᠡᠶᠢᠴᠦᠳ ᠪᠠ ᠬᠡᠦᠬᠡᠳ ᠲᠤ ᠰᠠᠶᠢᠨ ᠰᠠᠶᠢᠬᠠᠨ ᠠᠮᠢᠳᠤᠷᠠᠯ ᠤᠨ ᠣᠷᠴᠢᠨ ᠢ ᠪᠣᠢ ᠪᠣᠯᠭᠠᠬᠤ ᠶᠢᠨ ᠬᠠᠮᠲᠤ᠂ ︽ | ᠨᠠᠰᠤᠨ ᠳᠤ ᠥᠯᠥ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ ᠰᠠᠨᠠᠭᠤᠯᠤᠮᠵᠢ ᠶᠢᠨ ᠪᠢᠴᠢᠭ︾ ᠢ ᠭᠠᠷᠭᠠᠵᠤ᠂ ᠬᠠᠤᠯᠢ | ᠴᠠᠭᠠᠵᠠ ᠶᠢᠨ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠪᠡ᠃ ︽ᠲᠢᠩᠬᠢᠮ ᠪᠠ ᠰᠠᠯᠪᠤᠷᠢ ᠬᠠᠮᠲᠤᠷᠠᠨ ᠬᠥᠳᠡᠯᠦᠯᠴᠡᠬᠦ︾ | ᠲᠣᠭᠲᠠᠴᠠ ᠲᠠᠢ ᠤᠶᠠᠯᠳᠤᠭᠤᠯᠤᠨ᠂ ᠱᠤᠸᠠᠩ ᠱᠧᠩ ᠡᠮᠩᠳᠠᠶᠢᠴᠣᠣᠨ ᠪᠠ ᠬᠡᠦᠬᠡᠳ ᠤᠨ ᠡᠷᠬᠡ ᠠᠰᠢᠭ ᠢ | ᠬᠠᠮᠠᠭᠠᠯᠠᠬᠤ ᠰᠢᠭᠦᠬᠦ ᠲᠢᠩᠬᠢᠮ ᠢ ᠪᠠᠶᠢᠭᠤᠯᠵᠤ᠂ ︽ᠳᠥᠷᠪᠡᠨ ᠰᠠᠯᠪᠤᠷᠢ ᠨᠢᠭᠡ ᠲᠢᠩᠬᠢᠮ︾ ᠵᠡᠷᠭᠡ ᠦᠨᠳᠦᠰᠦᠨ | ᠱᠠᠲᠤᠨ ᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠂ ᠵᠢᠭᠤᠷᠠᠯᠳᠤᠭᠠᠨ ᠢ | ᠰᠢᠢᠳᠪᠦᠷᠢᠯᠡᠬᠦ ᠠᠵᠢᠯ ᠢ ᠡᠮᠦᠨ᠎ᠡ ᠪᠠᠶᠢᠷᠢᠨ ᠳᠤ ᠲᠠᠯᠪᠢᠵᠤ᠂ ᠡᠮᠩᠳᠠᠶᠢᠴᠣᠣᠨ ᠪᠠ ᠬᠡᠦᠬᠡᠳ ᠤᠨ ᠡᠷᠬᠡ ᠠᠰᠢᠭ ᠢ | ᠪᠦᠲᠦᠮᠵᠢᠲᠡᠶ ᠬᠠᠮᠠᠭᠠᠯᠠᠪᠠ᠃ | | | | | ᠠᠷᠤ ᠬᠤᠷᠴᠢᠨ ᠬᠤᠰᠢᠭᠤᠨ ᠤ ᠰᠢᠭᠦᠬᠦ ᠬᠤᠷᠢᠶ᠎ᠠ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠣᠯᠠᠨ | ᠨᠡᠶᠢᠲᠡ ᠶᠢᠨ ᠬᠠᠤᠯᠢ ᠪᠠᠷ ᠵᠠᠰᠠᠬᠤ ᠰᠡᠳᠬᠢᠬᠦᠶ ᠶᠢ ᠬᠦᠴᠦᠯᠡᠨ ᠳᠡᠭᠡᠭᠰᠢᠯᠡᠭᠦᠯᠪᠡ᠃ ᠨᠠᠮ ᠤᠨ ᠭᠡᠰᠢᠭᠦᠨ ᠤ | ᠬᠤᠰᠢᠭᠤᠴᠢ ᠠᠵᠢᠯ ᠤᠨ ᠪᠠᠶᠢᠷᠢ᠂ ︽ᠰᠠᠭᠠᠳ ᠥᠬᠡᠶ ᠨᠡᠪᠲᠡᠷᠡᠬᠦ ᠵᠠᠮ︾᠂ 12368 ᠵᠠᠷᠭᠤ ᠶᠢᠨ | ᠦᠢᠯᠡᠴᠢᠯᠡᠭᠡᠨ ᠤ ᠤᠲᠠᠰᠤ ᠵᠡᠷᠭᠡ ᠠᠷᠭ᠎ᠠ ᠮᠠᠶ᠋ᠢᠭ ᠢᠶᠠᠷ ᠡᠮᠡᠭᠲᠡᠶᠢᠴᠦᠳ ᠪᠠ ᠬᠡᠦᠬᠡᠳ ᠤᠨ ᠬᠠᠤᠯᠢ ᠴᠠᠭᠠᠵᠠ ᠶᠢᠨ | ᠲᠤᠬᠠᠶ ᠠᠰᠠᠭᠤᠳᠠᠯ ︵ᠠᠰᠠᠭᠤᠨ ᠯᠠᠪᠯᠠᠬᠤ᠂ ᠬᠠᠤᠯᠢ ᠴᠠᠭᠠᠵᠠ ᠶᠢᠨ ᠲᠤᠰᠠᠯᠠᠮᠵᠢ ᠬᠦᠷᠲᠡᠬᠦ ᠳᠤ ᠳᠥᠭᠦᠮ | ᠦᠵᠡᠭᠦᠯᠦᠭᠰᠡᠨ ᠪᠥᠭᠡᠳ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠠᠵᠢᠯᠴᠢᠨ ᠤ ᠡᠪᠯᠡᠯ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠣᠯᠠᠨ ᠵᠦᠢᠯ ᠤᠨ ᠬᠡᠯᠪᠡᠷᠢ ᠪᠠᠷ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠬᠢᠪᠡ᠃ | ᠵᠢᠯ ᠤᠨ ᠡᠬᠢᠨ ᠠᠴᠠ ᠨᠠᠭᠠᠰᠢ᠂ ︽ᠬᠠᠤᠯᠢ ᠶᠢᠨ ᠵᠢᠭᠦᠷ︾ ᠤᠬᠠᠭᠤᠯᠤᠨ ᠲᠠᠶᠢᠯᠪᠤᠷᠢᠯᠠᠬᠤ ᠰᠠᠯᠪᠤᠷᠢ ᠠᠩᠭᠢ ᠶᠢ | ᠵᠣᠬᠢᠶᠠᠨ ᠪᠠᠢᠭᠤᠯᠵᠤ ᠰᠤᠷᠭᠠᠭᠤᠯᠢ᠂ ᠬᠥᠳᠡᠭᠡ ᠲᠣᠰᠬᠤᠨ ᠳᠤ ᠭᠦᠨᠵᠡᠭᠡᠶᠢᠷᠡᠨ᠂ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠶᠢ ᠨᠡᠶᠢᠲᠡ 21 ᠤᠳᠠᠭ᠎ᠠ ᠥᠷᠨᠢᠭᠦᠯᠵᠦ᠂ ᠡᠯ᠎ᠡ ᠲᠥᠷᠥᠯ ᠤᠨ ᠤᠬᠠᠭᠤᠯᠭ᠎ᠠ ᠶᠢᠨ | ᠮᠠᠲ᠋ᠧᠷᠢᠶᠠᠯ ᠢ 8000 ᠭᠠᠷᠤᠶ ᠬᠤᠪᠢ ᠲᠠᠷᠬᠠᠭᠠᠨ᠂ 400 ᠭᠠᠷᠤᠶ ᠬᠥᠮᠦᠨ ᠤᠳᠠᠭ᠎ᠠ ᠳᠤ ᠬᠠᠤᠯᠢ ᠴᠠᠭᠠᠵᠠ ᠶᠢᠨ | ᠯᠠᠪᠯᠠᠭ᠎ᠠ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃ | | | | ᠠᠷᠤ ᠬᠤᠷᠴᠢᠨ ᠬᠤᠰᠢᠭᠤᠨ ᠤ ᠰᠢᠭᠦᠬᠦ ᠬᠤᠷᠢᠶ᠎ᠠ ᠨᠢ ᠣᠯᠠᠨ ᠵᠦᠢᠯ ᠶᠢᠨ ᠠᠵᠢᠯᠯᠠᠭ᠎ᠠ ᠳᠤ ᠲᠦᠰᠢᠭᠯᠡᠨ᠂ | ᠡᠯ᠎ᠡ ᠵᠠᠩᠭᠢᠯᠠᠭ᠎ᠠ ᠶᠢᠨ ᠴᠡᠭ ᠢ ᠭᠦᠢᠴᠡᠣᠨ ᠠᠰᠢᠭᠯᠠᠵᠤ᠂ ᠰᠢᠭᠦᠬᠦ ᠬᠤᠷᠢᠶᠠᠨ ᠤ ︽ᠨᠡᠭᠡᠭᠡᠯᠲᠡ ᠶᠢᠨ ᠡᠳᠦᠷ︾ ᠤᠨ | ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ᠡᠮᠡᠭᠲᠡᠶᠢᠴᠦᠳ ᠤᠨ ᠲᠥᠯᠥᠭᠡᠯᠡᠭᠴᠢ᠂ ᠰᠤᠷᠤᠭᠴᠢᠳ ᠤᠨ | ᠲᠥᠯᠥᠭᠡᠯᠡᠭᠴᠢ ᠶᠢ ᠤᠷᠢᠨ ᠰᠢᠭᠦᠬᠦ ᠬᠤᠷᠢᠶᠠᠨ ᠤ ᠪᠦᠲᠦᠭᠡᠨ ᠪᠠᠶᠢᠭᠤᠯᠤᠯᠲᠠ ᠶᠢ ᠲᠣᠭᠤᠷᠢᠨ ᠦᠵᠡᠬᠦ᠂ ᠬᠡᠷᠡᠭ ᠤᠨ | ᠰᠢᠭᠦᠯᠲᠡ ᠶᠢ ᠰᠤᠯᠠ ᠰᠣᠨᠣᠰᠬᠤ ᠳᠤ ᠣᠷᠣᠯᠴᠠᠭᠤᠯᠤᠨ᠂ ᠰᠤᠷᠤᠭᠴᠢᠳ ᠤᠨ ᠲᠥᠯᠥᠭᠡᠯᠡᠭᠴᠢ ᠲᠠᠢ ᠬᠠᠮᠲᠤ ᠪᠠᠷ | ᠠᠮᠠᠷᠠᠯᠲᠠ ᠶᠢᠨ ᠬᠤᠭᠤᠴᠠᠭᠠᠨ ᠤ ᠦᠢᠯᠡᠳᠣᠯᠭᠡ ᠶᠢᠨ ᠠᠵᠢᠯᠯᠠᠭ᠎ᠠ ᠳᠤ ᠣᠷᠣᠯᠴᠠᠬᠤ ᠶᠢᠨ ᠵᠡᠷᠭᠡ ᠪᠠᠷ | ᠪᠠᠶᠢᠩᠭᠤᠵᠢᠭᠤᠯᠤᠨ ᠰᠤᠷᠪᠤᠯᠵᠢᠯᠠᠨ ᠲᠣᠬᠤᠨᠢᠭᠤᠯᠵᠤ᠂ ︽ᠭᠡᠷ ᠪᠦᠯᠢ ᠰᠢᠭᠦᠬᠦ ᠬᠤᠷᠢᠶ᠎ᠠ ᠬᠠᠷᠢᠯᠴᠠᠨ ᠬᠥᠳᠡᠯᠦᠯᠴᠡᠬᠦ︾ | ᠲᠠᠪᠴᠠᠩ ᠢ ᠪᠠᠶᠢᠭᠤᠯᠤᠨ᠂ ︽ᠵᠠᠶ ᠥᠬᠡᠶ︾ ᠨᠡᠪᠲᠡᠷᠡᠯᠴᠡᠭᠡ ᠶᠢ ᠴᠢᠩᠭᠠᠳᠬᠠᠵᠤ᠂ ᠬᠠᠤᠯᠢ ᠴᠠᠭᠠᠵᠠ ᠶᠢᠨ | ᠮᠡᠳᠡᠷᠡᠮᠵᠢ ᠪᠠ ᠢᠲᠡᠭᠡᠯ ᠢ ᠨᠡᠮᠡᠭᠳᠡᠭᠦᠯᠪᠡ᠃ ︵ᠵᠣᠤ ᠶᠠ ᠨᠠᠨ︶ | | |