| ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠠᠴᠠ | ᠰᠤᠷᠪᠤᠯᠵᠢᠯᠠᠭᠴᠢ ᠣᠶᠢᠷ᠎ᠠ ᠶᠢᠨ ᠡᠳᠦᠷ ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠥᠪᠥᠷ ᠮᠣᠩᠭᠤᠯ | 2025 ᠣᠨ ᠤ ᠣᠢ ᠰᠢᠭᠤᠢ ᠨᠤᠲᠤᠭ ᠪᠡᠯᠴᠢᠭᠡᠷ ᠤᠨ ᠬᠦᠷᠢᠶᠡᠨ ᠳᠠᠬᠢ ᠲᠥᠪ ᠤᠨ ᠲᠤᠰᠬᠠᠢ ᠪᠡᠯᠡ ᠮᠥᠩᠭᠦ ᠶᠢ | ᠨᠡᠶᠢᠲᠡ 148.31 ᠳ᠋ᠦᠩᠰᠢᠭᠤᠷ ᠲᠥᠭᠦᠷᠢᠭ ᠢ ᠨᠢᠭᠡᠨᠲᠡ ᠲᠡᠮᠡᠴᠡᠨ ᠣᠯᠵᠤ᠂ ᠡᠭᠦᠨ ᠳᠤ ︽ᠤᠮᠠᠷᠠᠲᠦ ᠶᠢᠨ ᠭᠤᠷᠪᠠᠨ | ᠤᠷᠤᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠦᠩᠭᠦ 46.88 | ᠳ᠋ᠦᠩᠰᠢᠭᠤᠷ ᠲᠥᠭᠦᠷᠢᠭ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠨᠡᠮᠡᠭᠦᠷᠢ ᠪᠠ ᠮᠠᠯ ᠪᠡᠯᠴᠢᠭᠡᠷ ᠢ | ᠲᠡᠩᠴᠡᠭᠦᠷᠢᠲᠠᠢ ᠪᠠᠶᠢᠯᠭᠠᠬᠤ ᠱᠠᠩᠨᠠᠯ ᠤᠨ ᠪᠡᠯᠡ ᠮᠦᠩᠭᠦ 45.75 ᠳ᠋ᠦᠩᠰᠢᠭᠤᠷ ᠲᠥᠭᠦᠷᠢᠭ᠂ ᠣᠢ ᠰᠢᠭᠤᠢ ᠨᠤᠲᠤᠭ | ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠡᠯᠡ ᠮᠦᠩᠭᠦ 55.68 ᠳ᠋ᠦᠩᠰᠢᠭᠤᠷ ᠲᠥᠭᠦᠷᠢᠭ ᠪᠠᠶᠢᠵᠦ᠂ | ᠭᠤᠣᠯᠳᠠᠭᠤ ᠪᠦᠬᠦ ᠣᠷᠣᠨ ᠤ ︽ᠤᠮᠠᠷᠠᠲᠦ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠳᠡᠮᠵᠢᠬᠦ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠱᠠᠩᠨᠠᠯ ᠨᠦᠬᠦᠪᠦᠷᠢ ᠪᠠ ᠮᠠᠯ | ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠠᠵᠢᠯ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠠ ᠬᠡᠭᠡᠷ᠎ᠡ ᠶᠢᠨ | ᠠᠮᠢᠲᠠᠨ ᠤᠷᠭᠤᠮᠠᠯ ᠢ ᠬᠠᠮᠠᠭᠠᠯᠠᠬᠤ ᠵᠠᠷᠤᠯᠭ᠎ᠠ᠂ ᠣᠢ ᠰᠢᠭᠤᠢ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ | ᠲᠦᠯᠦᠪᠦᠷᠢᠯᠡᠬᠦ ᠵᠠᠷᠤᠯᠭ᠎ᠠ᠂ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ ᠶᠢ ᠤᠷᠢᠵᠤ ᠬᠡᠷᠡᠭᠯᠡᠬᠦ ᠵᠡᠷᠭᠡ ᠳᠤ | ᠬᠡᠷᠡᠭᠯᠡᠭᠦᠯᠬᠦ ᠪᠤᠯᠤᠨ᠎ᠠ᠃ | ᠠᠮᠢ ᠠᠬᠤᠶ ᠪᠣᠯ ᠥᠪᠥᠷ ᠮᠣᠩᠭᠤᠯ ᠤᠨ ᠲᠣᠪᠤᠶᠢᠮ᠎ᠠ ᠳᠠᠪᠠᠭᠤᠯᠢᠭ ᠮᠥᠨ᠂ ᠨᠤᠭᠤᠭᠠᠨ ᠦᠩᠭᠡ ᠪᠣᠯ ᠥᠪᠥᠷ | ᠮᠣᠩᠭᠤᠯ ᠤᠨ ᠢᠯᠡ ᠲᠤᠳᠤ ᠰᠠᠭᠤᠷᠢᠯᠠᠭᠴᠢ ᠦᠩᠭᠡ ᠪᠠᠶᠢᠬᠤ ᠶᠤᠰᠤᠲᠠᠢ᠃ ᠤᠢᠢᠷ᠎ᠠ ᠶᠢᠨ ᠵᠢᠯ ᠤᠳ ᠲᠤ᠂ ᠥᠪᠥᠷ | ᠮᠣᠩᠭᠤᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠦᠳᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠤᠰ ᠤᠨ | ᠲᠦᠷᠦᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠠᠢ ᠴᠢᠷᠮᠠᠶᠢᠵᠤ᠂ ᠤᠯᠠᠨ ᠡᠰᠢᠲᠦ | ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ | ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠭᠠᠬᠤ ᠪᠠᠷ | ᠠᠬᠢᠭᠤᠯᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠠ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠲᠠᠢ ᠬᠠᠮᠵᠢᠯᠴᠠᠨ ᠪᠠᠯᠠ ᠮᠥᠩᠭᠦ ᠶᠢ ᠲᠥᠷᠥᠯ ᠵᠦᠢᠯ ᠢ ᠬᠡᠷᠡᠭᠵᠢᠭᠦᠯᠬᠦ ᠨᠢᠭᠡᠴᠢ ᠳᠤ ᠨᠢ | ᠠᠯᠢ ᠲᠦᠷᠭᠡᠨ ᠢᠶᠠᠷ ᠪᠠᠭᠤᠯᠭᠠᠬᠤ ᠶᠢᠨ ᠬᠠᠮᠲᠤ ᠬᠠᠮᠢᠶ᠎ᠠ ᠪᠥᠬᠦᠶ ᠪᠠᠯᠠ ᠮᠥᠩᠭᠦ ᠶᠢᠨ ᠬᠠᠮᠢᠶᠠᠷᠤᠯᠲᠠ ᠶᠢᠨ | ᠲᠣᠭᠲᠠᠭᠠᠯ ᠢ ᠴᠢᠩᠭ᠎ᠠ ᠵᠢᠷᠤᠮᠯᠠᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠪᠠᠯᠠ ᠮᠥᠩᠭᠦ ᠶᠢᠨ ᠠᠮᠤᠷ ᠲᠦᠪᠰᠢᠨ ᠢ ᠵᠢᠷᠤᠮᠵᠢᠭᠤᠯᠤᠨ ᠬᠡᠷᠡᠭᠯᠡᠬᠦ ᠶᠢ ᠦᠨᠡᠨ ᠬᠦ ᠪᠠᠲᠤᠯᠠᠵᠤ᠂ ᠪᠠᠯᠠ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠬᠢᠵᠠᠭᠠᠷ ᠲᠠᠢ ᠪᠠᠯᠠ ᠮᠥᠩᠭᠦ ᠶᠢ ︽ᠣᠨᠢᠨ ᠳᠡᠭᠡᠷ᠎ᠡ︾ | ᠨᠢ ᠬᠡᠷᠡᠭᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠶᠢ ᠳᠠᠬᠢᠨ ᠰᠢᠨ᠎ᠡ ᠨᠢᠭᠡᠨ | ᠳᠡᠭᠲᠡᠷ ᠲᠤ ᠭᠠᠷᠭᠠᠬᠤ ᠶᠢ ᠠᠬᠢᠭᠤᠯᠤᠨ᠎ᠠ ᠭᠡᠵᠡᠶ᠃ | | |